ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠪᠤᠷ ᠤᠨ ᠤᠯᠠᠷᠢᠯ ᠤᠨ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠦᠷᠨᠢᠭᠦᠯᠪᠠ
ᠨᠡᠶᠢᠲᠡᠯᠡᠭᠰᠡᠨ ᠴᠠᠭ᠄
2022/4/12
     ᠬᠠᠪᠤᠷ ᠤᠨ ᠤᠯᠠᠷᠢᠯ ᠳᠤ ᠤᠮᠠᠷᠠᠲᠤ ᠣᠷᠣᠨ ᠳᠤ ᠡᠯᠡᠰᠦ ᠲᠣᠭᠤᠰᠣᠨ ᠠᠭᠤᠷ ᠠᠮᠢᠰᠬᠤᠯ ᠣᠯᠠᠨ ᠡᠭᠦᠰᠳᠡᠭ᠃ ᠮᠠᠨ ᠤ ᠣᠷᠣᠨ ᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠲᠣᠭᠤᠰᠣ ᠰᠢᠷᠣᠢ ᠶᠢᠨ ᠪᠣᠬᠢᠷᠲᠤᠯ ᠢ ᠪᠦᠲᠦᠮᠵᠢᠲᠡᠢ ᠬᠢᠵᠭᠠᠷᠯᠠᠬᠤ ᠪᠠᠷ ᠤᠢᠢᠷ᠎ᠠ ᠶᠢᠨ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠪᠤᠷ ᠤᠨ ᠤᠯᠠᠷᠢᠯ ᠤᠨ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠬᠠᠯᠴᠠᠭᠠᠶ ᠰᠢᠷᠣᠢ ᠣᠪᠣᠭᠠᠯᠠᠬᠤ᠂ ᠬᠠᠯᠴᠠᠭᠠᠶ ᠬᠤᠭᠤᠰᠣᠨ ᠭᠠᠵᠠᠷ ᠢ ᠪᠦᠬᠦ ᠲᠠᠯ᠎ᠠ ᠪᠠᠷ ᠪᠠᠶᠢᠴᠠᠭᠠᠨ ᠵᠠᠰᠠᠵᠤ᠂ ᠬᠠᠯᠴᠠᠭᠠᠶ ᠲᠣᠭᠤᠰᠣ ᠵᠠᠰᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠬᠠᠯᠴᠠᠭᠠᠶ ᠰᠢᠷᠣᠢ ᠣᠪᠣᠭᠠᠯᠠᠬᠤ᠂ ᠬᠠᠯᠴᠠᠭᠠᠶ ᠬᠤᠭᠤᠰᠣᠨ ᠭᠠᠵᠠᠷ ᠲᠤ ᠡᠷᠬᠡ ᠶᠢᠨ ᠬᠠᠷᠢᠶ᠎ᠠ ᠨᠢᠭᠡᠴᠡ ᠪᠤᠶᠤ ᠡᠷᠬᠡ ᠶᠢᠨ ᠬᠠᠷᠢᠶ᠎ᠠ ᠬᠥᠮᠦᠰ ᠢ ᠱᠠᠭᠠᠷᠳᠠᠨ ᠴᠡᠭᠴᠡᠯᠡᠨ ᠰᠠᠶᠢᠵᠢᠷᠠᠭᠤᠯᠪᠠ᠃     ᠲᠣᠰ ᠤᠳᠠᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠤᠤᠯᠳᠠᠭᠤ ᠠᠯᠳᠠᠨ ᠬᠠᠨ ᠶᠡᠭᠡ ᠵᠡᠭᠡᠯᠢ ᠬᠢᠭᠡᠳ ᠬᠤᠪᠣᠷ ᠰᠢᠷᠣᠶ ᠶᠢᠨ ᠶᠡᠭᠡ ᠵᠡᠭᠡᠯᠢ ᠶᠢᠨ ᠠᠭᠤᠯᠵᠠᠷ ᠤᠨ ᠡᠮᠦᠨ᠎ᠡ ᠲᠠᠯ᠎ᠠ ᠶᠢᠨ ᠡᠵᠡᠨ ᠥᠬᠡᠶ ᠨᠢᠴᠦᠭᠦᠨ ᠣᠪᠣᠭᠠᠯᠠᠭᠰᠠᠨ ᠰᠢᠷᠣᠶ ᠳᠤ ᠴᠢᠭᠯᠡᠭᠦᠯᠦᠨ ᠴᠡᠭᠴᠡᠯᠡᠨ ᠵᠠᠰᠠᠯᠳᠠ ᠬᠢᠪᠠ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠤᠷᠠᠯ ᠢᠶᠠᠷ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠠᠰᠠᠬᠤ ᠲᠥᠰᠦᠯ ᠢ ᠲᠣᠭᠲᠠᠭᠠᠵᠤ᠂ ᠨᠢᠴᠦᠭᠦᠨ ᠣᠪᠣᠭᠠᠯᠠᠭᠰᠠᠨ ᠰᠢᠷᠣᠶ ᠳᠤ ᠰᠠᠶᠢᠨ ᠰᠢᠷᠣᠶ ᠶᠢᠨ ᠪᠦᠷᠬᠦᠯᠲᠡ ᠬᠢᠬᠦ ᠶᠢᠨ ᠬᠠᠮᠲᠤ ᠲᠣᠭᠤᠰᠣ ᠬᠤᠷᠢᠭᠯᠠᠬᠤ ᠡᠳ᠋ ᠰᠦᠷᠴᠢᠪᠡ᠃ ᠣᠳᠣᠬᠠᠨ ᠳᠤ᠂ ᠲᠣᠰ ᠭᠠᠵᠠᠷ ᠤᠨ ᠨᠢᠴᠦᠭᠦᠨ ᠣᠪᠣᠭᠠᠯᠠᠭᠰᠠᠨ ᠰᠢᠷᠣᠶ ᠶᠢ ᠨᠢᠭᠡᠨᠲᠡ ᠴᠡᠭᠴᠡᠯᠡᠨ ᠵᠠᠰᠠᠵᠤ ᠳᠠᠭᠤᠰᠬᠠᠭᠠᠳ᠂ ᠨᠡᠶᠢᠲᠡ 520 ᠪᠣᠰᠤᠭ᠎ᠠ ᠳᠥᠷᠪᠡᠯᠵᠢᠨ ᠮᠧᠲᠷ ᠰᠢᠷᠣᠶ ᠶᠢ ᠬᠥᠷᠪᠡᠭᠦᠯᠵᠦ᠂ 10000 ᠲᠡᠭᠰᠢ ᠳᠥᠷᠪᠡᠯᠵᠢᠨ ᠮᠧᠲᠷ ᠲᠣᠭᠤᠰᠣ ᠬᠤᠷᠢᠭᠯᠠᠬᠤ ᠡᠳ᠋  ᠰᠦᠷᠴᠪᠠ᠃     ᠲᠠᠷᠠᠭᠠᠴᠢ ᠶᠢᠨ ᠠᠯᠬᠤᠮ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠦᠷᠭᠦᠯᠵᠢᠯᠡᠨ ᠴᠢᠩᠭᠠᠳᠬᠠᠵᠤ᠂ ᠲᠣᠭᠤᠰᠣ ᠰᠢᠷᠣᠶ ᠶᠢᠨ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠭ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号