ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠳᠠᠯᠳᠤᠭ᠎ᠠ ᠪᠠᠷ ᠠᠵᠤ ᠠᠬᠤᠶᠢᠯᠠᠯ ᠢ ᠲᠤᠰᠠᠯᠠᠬᠤ ︽ᠬᠠᠤᠯᠢ ᠪᠠᠷ ᠵᠠᠰᠠᠬᠤ ᠲᠣᠤᠷ︾ ᠢ ᠪᠠᠲᠤ ᠪᠠᠬᠢ ᠪᠣᠶ ᠪᠣᠯᠭᠠᠪᠠ
ᠨᠡᠶᠢᠲᠡᠯᠡᠭᠰᠡᠨ ᠴᠠᠭ᠄
2022/4/12
    ︽ᠠᠷᠠᠳ ᠤᠨ ᠪᠠᠶᠢᠴᠠᠭᠠᠬᠤ ᠬᠤᠷᠢᠶ᠎ᠠ ᠬᠥᠳᠡᠯᠮᠦᠷᠢ ᠶᠢᠨ ᠵᠢᠭᠤᠷᠠᠯᠳᠤᠭᠠᠨ᠂ ᠮᠠᠶᠢᠮᠠᠶ ᠶᠢᠨ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠭᠦ ᠣᠯᠠᠨ ᠡᠰᠢᠴᠢᠯᠡᠭᠰᠡᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠬᠦᠰᠡᠵᠦ ᠪᠠᠶᠢᠨ᠎ᠠ ᠁︾ ︽ᠠᠷᠠᠳ ᠤᠨ ᠪᠠᠶᠢᠴᠠᠭᠠᠬᠤ ᠬᠤᠷᠢᠶ᠎ᠠ ᠠᠵᠤ ᠠᠬᠤᠶᠢᠯᠠᠯ ᠳᠤ ᠢᠯᠡᠭᠦᠬᠡᠨ ᠬᠦᠷᠴᠦ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠯᠲᠠ ᠬᠢᠬᠦ ᠶᠢ ᠬᠦᠰᠡᠵᠦ ᠪᠠᠶᠢᠨ᠎ᠠ᠂ ᠢᠯᠠᠩᠭᠤᠶ᠎ᠠ ᠠᠵᠤ ᠠᠬᠤᠶ ᠶᠢᠨ ᠬᠠᠤᠯᠢ ᠶᠢᠨ ᠪᠣᠯᠪᠠᠰᠤᠷᠠᠭᠤᠯᠤᠯ ᠨᠢ ᠠᠵᠢᠯᠴᠢᠨ ᠤ ᠡᠷᠬᠡ ᠪᠠᠨ ᠬᠠᠮᠠᠭᠠᠯᠠᠬᠤ ᠤᠬᠠᠮᠰᠠᠷ ᠪᠠ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠪᠠᠶᠢᠨ᠎ᠠ ᠁︾ ︽ᠪᠠᠶᠢᠴᠠᠭᠠᠬᠤ ᠬᠤᠷᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ  ᠰᠢᠢᠳᠪᠦᠷᠢᠯᠡᠭᠦ ᠳᠡᠭᠡᠨ ᠠᠵᠢᠯᠲᠠᠨ ᠤ ᠠᠰᠢᠭ ᠲᠤᠰᠠ ᠶᠢ ᠨᠠᠩ ᠢᠯᠡᠭᠦᠤ ᠪᠣᠳᠣᠯᠬᠢᠯᠠᠵᠤ᠂ ᠤᠯᠤᠰ ᠤᠨ ︿ᠵᠢᠷᠭᠤᠭ᠎ᠠ ᠶᠢ ᠲᠣᠭᠲᠠᠭᠤᠨ ᠪᠠᠶᠢᠯᠭᠠᠬᠤ﹀ ︿ᠵᠢᠷᠭᠤᠭ᠎ᠠ ᠶᠢ ᠪᠠᠲᠤᠯᠠᠬᠤ﹀ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠬᠦᠰᠡᠵᠦ ᠪᠠᠶᠢᠨ᠎ᠠ ᠁︾ ᠡᠨᠡ ᠪᠣᠯ ᠣᠶᠢᠷ᠎ᠠ ᠶᠢᠨ ᠬᠤᠭᠤᠴᠠᠭᠠᠨ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠪᠠ ᠠᠵᠤ ᠠᠬᠤᠶᠢᠯᠠᠯ ᠤᠨ ᠬᠠᠷᠢᠯᠴᠠᠨ ᠦᠢᠯᠡᠴᠢᠯᠡᠬᠦ ᠪᠠᠷ ᠳᠡᠮᠵᠢᠨ ᠣᠯᠵᠤ ᠰᠣᠨᠣᠰᠤᠭᠰᠠᠨ ᠠᠵᠤ ᠠᠬᠤᠶᠢᠯᠠᠯᠲᠠᠨ ᠤ ᠬᠦᠰᠡᠯ ᠱᠠᠭᠠᠷᠳᠠᠯᠭ᠎ᠠ ᠮᠥᠨ᠃     ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠪᠣᠯ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ ᠡᠨᠡ ᠵᠢᠯ ᠠᠴᠠ ᠨᠠᠰᠢ᠂ ︽ᠬᠤᠷᠢᠳᠤᠭᠠᠷ ᠶᠡᠭᠡ ᠬᠤᠷᠠᠯ ᠢ ᠤᠭᠲᠤᠵᠤ ᠂ ᠬᠠᠤᠯᠢ ᠳᠦᠷᠢᠮᠵᠢᠭᠦᠯᠦᠭᠰᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠢ ᠦᠨᠡᠨᠬᠦ ᠣᠨᠣᠪᠴᠢᠲᠠᠶ ᠡᠷᠢᠨ ᠣᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠵᠢᠯ ᠤᠨ ᠵᠠᠭᠪᠤᠷ ᠢᠶᠠᠨ ᠬᠤᠪᠢᠷᠠᠭᠤᠯᠵᠤ᠂ ︽ᠰᠠᠭᠤᠵᠤ ᠡᠮᠴᠢᠯᠡᠬᠦ︾ ᠶᠢ ︽ᠲᠣᠭᠤᠷᠢᠨ ᠡᠮᠴᠢᠯᠡᠬᠦ︾ ᠪᠣᠯᠭᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠭᠦᠨᠵᠡᠭᠡᠶᠢᠷᠡᠵᠦ᠂ ︽ᠠᠰᠠᠭᠤᠵᠤ ᠣᠨᠣᠰᠢᠯᠠᠬᠤ︾ ᠪᠠ ︽ᠨᠡᠶᠢᠭᠡᠮ ᠤᠨ ᠦᠨᠡᠯᠡᠯᠲᠡ︾ ᠶᠢ ᠨᠢᠭᠲᠠ ᠤᠶᠠᠯᠳᠤᠭᠤᠯᠵᠤ ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠪᠠᠶᠢᠴᠠᠭᠠᠬᠤ ᠠᠵᠤ ᠠᠬᠤᠶᠢᠯᠠᠯ ᠤᠨ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃     ︽ᠠᠵᠤ ᠠᠬᠤᠶᠢᠯᠠᠯ ᠤᠨ ᠪᠠᠶᠢᠭᠤᠯᠵᠤ ᠪᠠᠶᠢᠭ᠎ᠠ 8000 ᠲᠣᠨ ᠤ ᠳᠡᠭᠡᠳᠦ ᠳᠡᠰ ᠤᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠪᠣᠯᠤᠨ ᠲᠣᠨᠣᠭᠯᠠᠭᠠᠰᠤ ᠶᠢᠨ ᠵᠦᠢᠯᠡᠰ ᠢ ᠦᠢᠯᠡᠳᠬᠦ ᠠᠵᠢᠯ ᠨᠢᠳᠤᠨᠤᠨ ᠤ 5 ᠰᠠᠷ᠎ᠠ ᠳᠤ ᠡᠬᠢᠯᠡᠵᠡᠶ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠦᠷᠭᠡᠨ ᠢᠶᠠᠷ ᠠᠭᠢᠬᠤ ᠶᠢᠨ ᠳᠠᠭᠠᠤ ᠳᠤ ᠬᠠᠤᠯᠢ ᠴᠠᠭᠠᠵᠠ ᠳᠤ ᠬᠤᠯᠪᠣᠭᠳᠠᠬᠤ ᠠᠯᠢ ᠣᠯᠠᠨ ᠠᠰᠠᠭᠤᠳᠠᠯ ᠴᠤ ᠠᠯᠬᠤᠮ ᠠᠯᠬᠤᠮ ᠢᠶᠠᠷ ᠢᠯᠡᠷᠡᠭᠰᠡᠨ ᠪᠥᠭᠡᠳ ᠲᠦᠷᠭᠡᠨ ᠰᠢᠢᠳᠪᠦᠷᠢᠯᠡᠭᠦ ᠴᠢᠬᠤᠯᠠᠲᠠᠶ ᠪᠠᠶᠢᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠡᠭᠦᠳᠡᠨ ᠳᠤᠨᠢ ᠬᠦᠷᠴᠦ ᠦᠢᠯᠡᠴᠢᠯᠡᠭᠡᠳ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠦᠨᠡᠬᠡᠷ ︿ᠴᠠᠭ ᠤᠨ ᠬᠤᠷ᠎ᠠ﹀ ᠬᠦᠷᠭᠡᠭᠰᠡᠨ ᠪᠠᠶᠢᠨ᠎ᠠ︾ ᠭᠡᠵᠦ ᠳ᠋ᠡ ᠳ᠋ᠢ ᠰᠢᠶᠦ᠋ᠩ ︵ᠪᠤᠭᠤᠲᠤ︶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠮᠢᠩ ᠬᠤᠢ ᠬᠡᠯᠡᠪᠡ᠃     3 ᠰᠠᠷ᠎ᠠ ᠶᠢᠨ 16 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯᠲᠠᠳ ᠳ᠋ᠠ ᠳ᠋ᠢ ᠰᠢᠶᠦ᠋ᠩ ᠳᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠦᠢᠯᠡᠳᠪᠦᠷᠢᠯᠡᠯ ᠤᠨ ᠬᠡᠪᠴᠢᠶ᠎ᠡ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠳ ᠲᠠᠢ ᠶᠠᠷᠢᠯᠴᠠᠬᠤ ᠬᠤᠷᠠᠯ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠡᠷᠬᠢᠨ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠬᠡᠷᠬᠢᠨ ᠦᠢᠯᠡᠴᠢᠯᠡᠬᠦ ᠲᠤᠬᠠᠶ ᠴᠢᠩ ᠦᠨᠡᠨᠴᠢ ᠪᠠᠷ ᠰᠠᠨᠠᠯ ᠰᠠᠨᠠᠭᠤᠯᠭ᠎ᠠ ᠬᠤᠷᠢᠶᠠᠬᠤ ᠶᠢᠨ ᠬᠠᠮᠲᠤ ᠠᠵᠤ ᠠᠬᠤᠶᠢᠯᠠᠯ ᠳᠤ ᠬᠠᠮᠢᠶᠠᠷᠤᠯᠲᠠ ᠪᠠᠨ ᠲᠡᠭᠦᠯᠳᠡᠷᠵᠢᠭᠦᠯᠬᠦ᠂ ᠬᠢᠨᠠᠯᠲᠠ ᠪᠠᠨ ᠴᠢᠩᠭᠠᠳᠬᠠᠬᠤ᠂ ᠬᠠᠤᠯᠢ ᠴᠠᠭᠠᠵᠠ ᠶᠢᠨ ᠦᠵᠡᠯ ᠤᠬᠠᠮᠰᠠᠷ ᠢᠶᠠᠨ ᠴᠢᠩᠭᠠᠳᠬᠠᠬᠤ ᠰᠠᠨᠠᠯ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠤᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠭᠰᠡᠨ ᠦᠢᠯᠡᠳᠪᠦᠷᠢᠯᠡᠯ ᠡᠵᠡᠩᠨᠡᠯᠲᠡ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠪᠠ᠃     ᠣᠶᠢᠷ᠎ᠠ ᠶᠢᠨ ᠡᠳᠦᠷ ᠤᠳ ᠲᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠦᠷᠭᠦᠯᠵᠢᠯᠡᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂  ᠵᠦᠪᠯᠡᠯᠭᠡ ᠱᠠᠭᠠᠷᠳᠠᠯᠭ᠎ᠠ ᠶᠢ ᠰᠣᠨᠣᠰᠴᠤ᠂ ᠦᠢᠯᠡᠴᠢᠯᠡᠭᠡ ᠬᠦᠷᠭᠡᠨ᠂ ᠬᠦᠴᠢᠷ ᠠᠰᠠᠭᠤᠳᠠᠯ ᠢ ᠰᠢᠢᠳᠪᠦᠷᠢᠯᠡᠭᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠷᠭ᠎ᠠ ᠬᠡᠮᠵᠢᠶ᠎ᠡ ᠪᠠ ︽ᠰᠠᠭᠠᠳ ᠥᠬᠡᠶ ᠨᠡᠪᠲᠡᠷᠡᠬᠦ ᠵᠠᠮ︾ ᠤᠨ ᠠᠵᠢᠯᠯᠠᠭᠠᠨ ᠤ ᠲᠣᠭᠲᠠᠴᠠ ᠶᠢ ᠤᠬᠠᠭᠤᠯᠪᠠ᠃ ᠰᠢᠢᠳᠪᠦᠷᠢᠯᠡᠵᠣ ᠪᠠᠶᠢᠭ᠎ᠠ ᠠᠵᠤ ᠠᠬᠤᠶᠢᠯᠠᠯ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠶᠢᠨ ᠬᠠᠮᠲᠤ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠠᠵᠤ ᠠᠬᠤᠶᠢᠯᠠᠯ ᠳᠤ ︽ᠬᠠᠨᠳᠤᠯᠭᠠᠲᠤ ᠴᠢᠭᠯᠡᠯ︾ ᠤᠨ ᠪᠠᠶᠢᠴᠠᠭᠠᠬᠤ ᠦᠢᠯᠡᠴᠢᠯᠡᠭᠡ ᠬᠠᠩᠭᠠᠨ᠂ ︽ᠱᠠᠭᠠᠷᠳᠠᠯᠭ᠎ᠠ ᠪᠠᠶᠢᠪᠠᠯ ᠵᠠᠪᠠᠯ ᠬᠦᠯᠢᠶᠡᠵᠦ᠂ ᠬᠠᠷᠰᠢᠯᠠᠬᠤ ᠬᠡᠷᠡᠭ ᠦᠭᠡᠢ︾ ᠪᠠᠶᠢᠬᠤ ᠶᠢ ᠦᠨᠡᠨ ᠬᠦ ᠪᠠᠲᠤᠯᠠᠪᠠ᠃     ᠥᠪᠥᠷ ᠮᠣᠩᠭᠤᠯ ᠤᠨ ᠦᠨᠳᠦᠷ ᠬᠤᠷᠳᠣᠴᠠᠳᠣ ᠵᠠᠰᠠᠮᠠᠯ ᠵᠠᠮ ᠤᠨ ᠠᠯᠪᠠᠨ ᠬᠡᠷ ᠤᠨ APP ᠪᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ︽ᠪᠠᠶᠢᠴᠠᠭᠠᠬᠤ ᠪᠠ ᠠᠵᠤ ᠠᠬᠤᠶᠢᠯᠠᠯ ᠢ ᠨᠡᠪᠲᠡᠷᠡᠭᠦᠯᠬᠦ︾ ᠦᠢᠯᠡᠴᠢᠯᠡᠭᠡᠨ ᠤ ᠬᠡᠰᠡᠭ ᠢ ᠰᠦᠯᠵᠢᠶᠡᠨ ᠳᠤ ᠣᠷᠣᠭᠤᠯᠵᠤ᠂ ︽ᠪᠠᠶᠢᠴᠠᠭᠠᠬᠤ ᠪᠠ ᠠᠵᠤ ᠠᠬᠤᠶᠢᠯᠠᠯ ᠢ ᠨᠡᠪᠲᠡᠷᠡᠭᠦᠯᠬᠦ︾ ᠪᠠᠷ ᠳᠠᠮᠵᠢᠭᠤᠯᠤᠨ ᠠᠵᠤ ᠠᠬᠤᠶᠢᠯᠠᠯ ᠪᠠ ᠣᠯᠠᠨ ᠲᠦᠮᠡᠨ ᠤ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠶᠢ ᠰᠢᠭᠤᠳ ᠭᠥᠯᠢᠶᠡᠨ ᠠᠪᠴᠤ  ᠰᠢᠢᠳᠪᠦᠷᠢᠯᠡᠭᠦ ᠳᠤ᠂ ᠪᠠᠶᠢᠴᠠᠭᠠᠬᠤ ᠲᠤᠰᠢᠶᠠᠯᠲᠠᠨ ᠲᠡᠷᠡ ᠳᠠᠷᠤᠶ ᠳᠤᠨᠢ ᠬᠠᠷᠢᠭᠤᠯᠲᠠ ᠥᠭᠴᠦ᠂ ᠬᠠᠮᠤᠭ ᠤᠨ ᠲᠡᠷᠢᠭᠦᠨ ᠳᠤ ᠠᠵᠢᠯᠯᠠᠬᠤ᠂ ᠴᠠᠭ ᠢ ᠵᠠᠪᠳᠤᠬᠤ᠂ ᠲᠡᠷᠢᠭᠦᠨ ᠤ ᠬᠢ ᠶᠢ ᠲᠡᠮᠡᠴᠡᠨ ᠤᠯᠬᠤ ᠰᠤᠷᠲᠠᠯ ᠢ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠷᠭᠡᠵᠦ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠭᠦ︾ ᠪᠠᠷ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ ︽ᠬᠤᠷᠳᠤᠴᠠ ᠶᠢ ᠨᠡᠮᠡᠭᠳᠡᠭᠦᠯᠬᠦ︾ ᠬᠡᠷᠡᠭᠲᠡᠶ ᠭᠡᠵᠡᠶ᠃     ᠠᠵᠤ ᠠᠬᠤᠶᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ ᠨᠠᠷᠢᠨ ᠪᠠᠶᠢᠳᠠᠯ ᠢ ᠡᠵᠡᠮᠰᠢᠵᠦ᠂ 2 ᠰᠠᠷ᠎ᠠ ᠠᠴᠠ ᠨᠠᠰᠢ᠂ ᠨᠢᠭᠡᠨᠲᠡ ᠲᠤᠰᠬᠠᠶ ᠬᠥᠮᠦᠨ ᠲᠣᠮᠢᠯᠠᠨ ᠬᠠᠷᠢᠶ᠎ᠠ ᠣᠷᠣᠨ ᠤ ᠪᠠᠨ 70 ᠰᠢᠬᠠᠮ ᠠᠵᠤ ᠠᠬᠤᠶᠢᠯᠠᠯ ᠳᠤ ᠨᠢᠭᠡᠳ ᠨᠢᠭᠡ ᠪᠠᠷ ᠤᠲᠠᠰᠤᠳᠠᠭᠤᠯᠵᠤ᠂ ᠴᠡᠭ ᠠᠴᠠ ᠴᠡᠭ ᠲᠤ ︽ᠵᠣᠭᠤᠭᠳᠠᠬᠤ︾ ᠬᠡᠯᠪᠡᠷᠢ ᠶᠢᠨ ᠰᠣᠯᠢᠯᠴᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠢ ︽ᠰᠡᠳᠬᠢᠯ ᠤᠨ ᠦᠭᠡ ᠪᠠᠨ ᠬᠡᠯᠡᠬᠦ︾ ᠪᠣᠯᠭᠠᠵᠤ᠂ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠴᠦ ᠳᠡᠶᠢᠯᠬᠦ ᠶᠢ ᠨᠢ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠴᠦ᠂ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠴᠦ ᠳᠡᠶᠢᠯᠬᠦ ᠥᠬᠡᠶ ᠶᠢ ᠨᠢ ᠲᠠᠷᠠᠭᠠᠴᠢ ᠶᠢᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠠᠪᠤᠴᠠ ᠳᠤ ᠠᠵᠤ ᠠᠬᠤᠶᠢᠯᠠᠯ ᠳᠤ ᠢᠳᠡᠪᠬᠢᠲᠡᠶ ᠬᠠᠷᠢᠭᠤᠯᠲᠠ ᠥᠭᠴᠦ᠂ ︽ᠠᠷᠠᠳ ᠤᠨ ᠲᠥᠯᠥᠭᠡ ᠪᠣᠳᠠᠲᠠᠶ ᠠᠵᠢᠯ ᠬᠢᠬᠦ︾ ᠶᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠠᠴᠢᠮ ᠬᠦᠴᠢᠷ ᠵᠣᠪᠠᠨᠢᠯ ᠬᠦᠰᠡᠯ ᠢ ᠰᠢᠢᠳᠪᠦᠷᠢᠯᠡᠭᠦ ᠪᠠᠷ ᠳᠠᠮᠵᠢᠭᠤᠯᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠤᠨ ᠳᠠᠬᠢᠨ ᠲᠠᠰ ᠳᠡᠪᠰᠢᠬᠦ ᠶᠢ ᠳᠥᠯᠭᠢᠨ ᠠᠬᠢᠭᠤᠯᠤᠨ᠎ᠠ᠃     ︽ᠬᠤᠶᠠᠷ ᠵᠠᠭᠤᠴᠢᠯᠠᠭᠤᠷ ᠨᠢᠭᠡ ᠲᠠᠪᠴᠠᠩ︾ ᠤᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠰᠠᠨᠠᠯ ᠬᠤᠷᠢᠶᠠᠬᠤ ᠠᠯᠪᠠᠨ ᠵᠠᠷ︾ ᠢ ᠬᠦᠷᠭᠡᠵᠦ᠂ ᠪᠠᠶᠢᠴᠠᠭᠠᠬᠤ ᠠᠵᠢᠯᠳᠠᠨ ᠢ ᠲᠠᠶᠢᠴᠢᠯᠠᠨ ᠢᠳᠡᠪᠬᠢᠲᠡᠶ ᠪᠠᠷ ᠳᠠᠮᠵᠢᠭᠤᠯᠤᠨ ᠲᠠᠷᠬᠠᠭᠠᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠣᠶᠢᠯᠠᠭᠠᠬᠤ ᠨᠤᠷᠮ᠎ᠠ ᠪᠠ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠨᠡᠩ ᠤᠯᠠᠨ ᠠᠵᠤ ᠠᠬᠤᠶᠢᠯᠠᠯ ᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠬᠡᠷᠬᠢᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠳᠠᠮᠵᠢᠭᠤᠯᠤᠨ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠠᠵᠢᠯ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠯᠭᠠᠪᠠ᠃      ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠭᠰᠠᠨ ᠪᠠᠶᠢᠳᠠᠯ ᠳᠣᠤᠷ᠎ᠠ᠂ ᠠᠵᠤ ᠠᠬᠤᠶᠢᠯᠠᠯ ᠳᠤ ᠲᠠᠰᠤᠷᠠᠯᠲᠠ ᠥᠬᠡᠶ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠠᠵᠤ ᠠᠬᠤᠶᠢᠯᠠᠯ ᠤᠨ ᠬᠠᠤᠯᠢ ᠪᠠᠷᠢᠬᠤ ᠬᠡᠷᠡᠭᠴᠡᠭᠡ ᠶᠢ  ᠭᠦᠢᠴᠡᠳ ᠤᠶᠢᠯᠠᠭᠠᠨ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ  ᠬᠦᠢᠴᠡᠳᠭᠡᠵᠣ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠪᠠᠶᠢᠴᠠᠭᠠᠬᠤ ᠭᠤᠤᠯ ᠬᠠᠷᠢᠭᠤᠴᠠᠯᠭ᠎ᠠ ᠭᠤᠤᠯ ᠠᠵᠢᠯ ᠲᠥᠷᠥᠯ ᠤᠨ ᠠᠶᠠᠯᠠᠯ ᠬᠠᠮᠠᠭᠠᠯᠠᠬᠤ ᠠᠵᠤ ᠠᠬᠤᠶᠢᠯᠠᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号