ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠤᠶ ᠪᠣᠯᠭᠠᠬᠤ ᠶᠢᠨ ᠲᠥᠯᠥᠭᠡ᠂ ︽ | ᠰᠠᠭᠠᠳ ᠦᠭᠡᠶ ᠨᠡᠪᠲᠡᠷᠡᠬᠦ ᠵᠠᠮ︾ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠰᠢᠯᠢᠳᠡᠭᠵᠢᠭᠦᠯᠵᠦ᠂ | ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠬᠠᠶᠢᠷᠠᠯᠠᠬᠤ᠂ ᠬᠤᠳᠠᠯᠳᠤᠭᠠᠴᠢᠨ ᠢ ᠴᠢᠬᠤᠯᠠᠴᠢᠯᠠᠬᠤ | ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠬᠤ ᠪᠠᠷ ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠪᠴᠢᠶ᠎ᠠ 2022 | ᠣᠨ ᠤ ︽ᠰᠠᠭᠠᠳ ᠥᠬᠡᠶ ᠨᠡᠪᠲᠡᠷᠡᠬᠦ ᠵᠠᠮ︾ ᠢ ᠡᠳ᠋ᠯᠡᠬᠦ ᠦᠢᠯᠡᠴᠢᠯᠡᠭᠡᠨ ᠤ ᠠᠵᠤ ᠠᠬᠤᠶᠢᠯᠠᠯ ᠪᠠ ᠲᠥᠷᠥᠯ | ᠵᠦᠢᠯ ᠳᠤ ᠴᠢᠭᠯᠡᠭᠦᠯᠦᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠵᠤ᠂ ᠡᠯ᠎ᠡ | ᠪᠦᠷᠢᠯᠳᠦᠬᠦᠨ ᠨᠢᠭᠡᠴᠡ ᠶᠢᠨ ᠬᠢᠨ ᠠᠩᠬ᠎ᠠ ᠬᠢᠨᠠᠨ ᠦᠨᠡᠯᠡᠬᠦ ᠶᠢᠨ ᠬᠠᠮᠲᠤ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠰᠤᠳᠤᠯᠤᠭᠤᠯᠬᠤ ᠪᠠᠷ ᠳᠠᠮᠵᠢᠨ᠂ | ᠳᠣᠷᠣᠨᠠᠳᠠᠬᠢᠨ ᠠᠴᠠ ᠪᠤᠭᠤᠲᠤ ᠶᠢᠨ ᠬᠤᠪᠣᠷ ᠰᠢᠷᠣᠢ ᠶᠢᠨ ᠬᠦᠩᠭᠡᠨ ᠴᠠᠭᠠᠨ ᠤ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ 74 ᠠᠵᠤ ᠠᠬᠤᠶᠢᠯᠠᠯ ᠪᠣᠯᠤᠨ 77 ᠠᠵᠤ ᠠᠬᠤᠶᠢᠯᠠᠯᠲᠠᠨ ᠳᠤ 2022 ᠣᠨ ᠤ | ︽ᠰᠠᠭᠠᠳ ᠦᠭᠡᠢ ᠨᠡᠪᠲᠡᠷᠡᠬᠦ ᠵᠠᠮ︾ ᠤᠨ ᠦᠢᠯᠡᠴᠢᠯᠡᠭᠡ ᠬᠦᠷᠳᠡᠪᠡ᠃ | ᠣᠶᠢᠯᠠᠭᠠᠭᠰᠠᠨ ᠢᠶᠠᠷ᠂ ︽ᠰᠠᠭᠠᠳ ᠥᠬᠡᠶ ᠨᠡᠪᠲᠡᠷᠡᠬᠦ ᠵᠠᠮ︾ ᠤᠨ ᠦᠢᠯᠡᠴᠢᠯᠡᠭᠡ ᠪᠣᠯ ᠠᠵᠤ ᠠᠬᠤᠶᠢᠯᠠᠯ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠠᠵᠤ ᠠᠬᠤᠶᠢᠯᠠᠯᠲᠠᠨ ᠬᠤᠪᠢ | ᠬᠥᠮᠦᠨ ᠵᠡᠷᠭᠡ ᠲᠠᠯ᠎ᠠ ᠪᠠᠷ ᠬᠠᠩᠭᠠᠭᠰᠠᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠪᠥᠬᠦ | ᠦᠶᠡᠯᠡᠯ ᠤᠨ ᠬᠤᠭᠤᠴᠠᠭᠠᠨ ᠤ ᠣᠨᠴᠠᠭᠠᠶ ᠦᠢᠯᠡᠴᠢᠯᠡᠭᠡ ᠮᠥᠨ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ | ᠮᠥᠷᠳᠡᠵᠦ᠂ ᠠᠵᠤ ᠠᠬᠤᠶᠢᠯᠠᠯ ᠳᠤ ᠲᠤᠯᠭᠠᠷᠠᠭᠰᠠᠨ ᠡᠯ᠎ᠡ ᠲᠥᠷᠥᠯ ᠤᠨ ᠬᠦᠴᠢᠷ ᠠᠰᠠᠭᠤᠳᠠᠯ ᠢ ᠬᠠᠪᠰᠤᠷᠤᠨ | ᠰᠢᠢᠳᠪᠦᠷᠢᠯᠡᠭᠦ ᠪᠥᠬᠦ ᠲᠠᠯ᠎ᠠ ᠶᠢᠨ ᠬᠡᠯᠬᠢᠶ᠎ᠡ ᠦᠢᠯᠡᠴᠢᠯᠡᠭᠡ ᠮᠥᠨ᠃ ︽ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ︿ᠰᠠᠭᠠᠳ ᠦᠭᠡᠶ | ᠨᠡᠪᠲᠡᠷᠡᠬᠦ ᠵᠠᠮ﹀ ᠢ ᠬᠡᠷᠡᠭᠵᠢᠭᠦᠯᠬᠦ ᠠᠷᠭ᠎ᠠ︾ ᠶᠣᠰᠣᠭᠠᠷ᠂ ᠵᠢᠯ ᠪᠦᠷᠢ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ | 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ ᠠᠵᠤ ᠦᠢᠯᠡᠳᠪᠦᠷᠢ ᠶᠢᠨ ᠲᠥᠷᠥᠯ ᠵᠦᠢᠯ ᠢ | ᠰᠢᠨ᠎ᠡ ᠪᠠᠷ ᠪᠠᠶᠢᠭᠤᠯᠵᠤ᠂ 2000 ᠲᠦᠮᠡᠨ ᠲᠥᠭᠦᠷᠢᠭ ᠠᠴᠠ ᠳᠡᠭᠡᠭᠰᠢ ᠭᠠᠶᠢᠯᠢ ᠲᠤᠰᠢᠶᠠᠭᠰᠠᠨ ᠣᠲᠣ ᠶᠢᠨ | ᠪᠠᠶᠢᠭ᠎ᠠ ᠭᠤᠤᠯᠳᠠᠯᠭ᠎ᠠ ᠲᠠᠢ ᠠᠵᠤ ᠠᠬᠤᠶᠢᠯᠠᠯ᠂ ᠣᠨᠴᠭᠠᠢ ᠳᠡᠯᠭᠡᠭᠦᠷ ᠲᠤ ᠭᠠᠷᠭᠠᠭᠰᠠᠨ ᠺᠣᠮᠫᠠᠨᠢ ᠵᠢᠴᠢ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠮᠢᠩᠭᠠᠨ ᠬᠥᠮᠦᠨ ᠤ ᠲᠥᠯᠥᠪᠯᠡᠭᠡ | ᠂ ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ ᠵᠡᠷᠭᠡ ᠭᠠᠷᠮᠠᠭᠠᠶ ᠴᠢᠳᠠᠪᠤᠷᠢᠲᠠᠨ ᠤ ᠠᠵᠤ ᠠᠬᠤᠶᠢᠯᠠᠯ ᠪᠠ ᠠᠵᠤ | ᠠᠬᠤᠶᠢᠯᠠᠯᠲᠠᠨ ᠳᠤ ︽ᠰᠠᠭᠠᠳ ᠥᠬᠡᠶ ᠨᠡᠪᠲᠡᠷᠡᠬᠦ ᠵᠠᠮ︾ ᠤᠨ ᠦᠢᠯᠡᠴᠢᠯᠡᠭᠡ ᠬᠠᠩᠭᠠᠨ᠎ᠠ᠃ | ᠡᠨᠡ ᠬᠤᠭᠤᠴᠠᠭᠠᠨ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠠᠴᠠ ᠠᠵᠤ ᠠᠬᠤᠶᠢᠯᠠᠯ ᠳᠤ ᠲᠦᠷᠦᠯ | ᠵᠦᠢᠯ ᠢ ᠬᠢᠨᠠᠨ ᠵᠥᠪᠰᠢᠶᠡᠷᠡᠬᠦ ᠪᠦᠬᠦ ᠶᠠᠪᠤᠴᠠ᠂ ᠦᠢᠯᠡᠳᠪᠦᠷᠢᠯᠡᠯ ᠤᠨ ᠠᠵᠢᠯᠯᠠᠭᠠᠨ ᠤ ᠪᠦᠬᠦ ᠶᠠᠪᠤᠴᠠ᠂ ᠠᠵᠤ | ᠠᠬᠤᠶᠢᠯᠠᠯᠲᠠᠨ ᠤ ᠬᠤᠪᠢ ᠬᠥᠮᠦᠨ ᠤ ᠡᠷᠡᠭᠦᠯ ᠮᠡᠨᠳᠤ ᠵᠡᠷᠭᠡ ᠪᠦᠬᠦ ᠲᠠᠯ᠎ᠠ ᠶᠢᠨ ᠴᠢᠨᠠᠷ ᠰᠠᠶᠢᠲᠠᠢ ᠥᠨᠳᠥᠷ | ᠪᠦᠲᠦᠮᠵᠢᠲᠡᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠡᠮᠬᠢ ᠵᠢᠷᠤᠮ ᠲᠠᠢ ᠡᠵᠡᠩᠨᠡᠯᠲᠡ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠣᠯᠤᠨ᠎ᠠ᠃ |