ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠠᠳᠬᠤᠵᠣ ᠪᠣᠢ
ᠨᠡᠶᠢᠲᠡᠯᠡᠭᠰᠡᠨ ᠴᠠᠭ᠄
2022/4/26
    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠨᠢ ᠪᠠᠭᠰᠢ ᠰᠤᠷᠤᠭᠴᠢᠳ ᠤᠨ ᠠᠮᠢ ᠨᠠᠰᠤ ᠡᠷᠡᠭᠦᠯ ᠮᠡᠨᠳᠦ ᠳᠤ ᠬᠤᠯᠪᠣᠭᠳᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠬᠠᠮᠤᠭ ᠭᠤᠤᠯᠳᠠᠯᠭ᠎ᠠ ᠪᠣᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠲᠠᠯ ᠤᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠠᠬᠢᠨ ᠵᠢᠭᠰᠠᠭᠠᠨ ᠪᠠᠶᠢᠴᠠᠭᠠᠵᠤ ᠳᠠᠬᠢᠨ ᠪᠠᠶᠢᠴᠠᠭᠠᠬᠤ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠠᠬᠢᠨ ᠪᠠᠶᠢᠴᠠᠭᠠᠵᠤ ᠳᠠᠬᠢᠨ ᠪᠠᠶᠢᠷᠯᠠᠭᠤᠯᠬᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠠᠢ᠃    ᠲᠣᠰ ᠤᠳᠠᠭᠠᠨ ᠤ ᠳᠠᠬᠢᠨ ᠪᠠᠶᠢᠴᠠᠭᠠᠵᠤ ᠳᠠᠬᠢᠨ ᠪᠠᠶᠢᠷᠯᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠲᠣᠪᠴᠢᠶ᠎ᠠ ᠪᠠᠶᠢᠳᠠᠯ ᠢ ᠦᠨᠡᠨ ᠬᠦ ᠣᠶᠢᠯᠠᠭᠠᠵᠤ᠂ ᠲᠣᠳᠠᠭᠳᠠᠯ ᠢᠶᠠᠨ ᠬᠦᠢᠴᠡᠳ ᠨᠥᠬᠦᠪᠥᠷᠢᠯᠡᠬᠦ ᠶᠢ ᠦᠨᠡᠨ ᠬᠦ ᠪᠠᠳᠣᠯᠠᠬᠤ ᠪᠠᠷ ᠠᠵᠢᠯ ᠤᠨ ᠢᠶᠠᠨ ᠡᠬᠢᠯᠡᠯᠲᠡ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠂ ᠳᠠᠯᠳᠠ ᠬᠡᠮ ᠢ ᠠᠷᠢᠯᠭᠠᠵᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠰᠠᠭᠤᠳᠠᠯ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠪᠠ᠃     ᠪᠠᠶᠢᠴᠠᠭᠠᠬᠤ  ᠠᠷᠭ᠎ᠠ  ᠮᠠᠶ᠋ᠢᠭ     ᠢᠶᠠᠨ   ᠰᠢᠨᠡᠴᠢᠯᠡᠨ     ᠪᠠᠶᠢᠴᠠᠭᠠᠯᠲᠠ ᠪᠠᠷ ᠳᠡᠭᠡᠭᠰᠢᠯᠡᠭᠦᠯᠦᠯᠲᠡ ᠶᠢ ᠠᠬᠢᠭᠤᠯᠬᠤ     ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠣᠳᠣᠬᠠᠨ ᠳᠤ ᠨᠡᠶᠢᠲᠡ 87 ᠰᠤᠷᠭᠠᠭᠤᠯᠢ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠶ᠂ ᠲᠣᠰ ᠤᠳᠠᠭᠠᠨ ᠤ ᠪᠠᠶᠢᠴᠠᠭᠠᠯᠲᠠ ᠳᠤ ᠠᠮᠤᠷ ᠲᠦᠪᠰᠢᠨ ᠤ ᠰᠠᠭᠤᠷᠢ ᠪᠠᠶᠢᠭᠤᠯᠤᠯᠲᠠ᠂ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠡᠳᠦᠷ ᠲᠤᠲᠤᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ᠂ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠦ ᠠᠵᠢᠯ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠠᠬᠤᠶ ᠶᠢᠨ ᠳᠠᠯᠳᠠ ᠬᠡᠮ ᠤᠨ ᠪᠠᠶᠢᠴᠠᠭᠠᠯᠲᠠ᠂ ᠰᠣᠷᠣᠭᠴᠢ ᠶᠢᠨ ᠪᠠᠶᠢᠷᠢ ᠶᠢᠨ ᠪᠠᠶᠢᠴᠠᠭᠠᠯᠲᠠ᠂ ᠰᠤᠷᠭᠠᠭᠤᠯᠢ ᠶᠢᠨ ᠲᠡᠷᠭᠡ ᠶᠢᠨ ᠪᠠᠶᠢᠴᠠᠭᠠᠯᠲᠠ᠂ ᠠᠮᠤᠷ ᠲᠦᠪᠰᠢᠨ ᠤ ᠬᠥᠮᠦᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠠᠷᠪᠠᠨ ᠵᠦᠢᠯ ᠤᠨ ᠠᠭᠤᠯᠭ᠎ᠠ ᠬᠤᠯᠪᠣᠭᠳᠠᠵᠠᠶ᠃     ᠪᠠᠶᠢᠴᠠᠭᠠᠯᠲᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠵᠣᠷᠢᠯᠭ᠎ᠠ ᠳᠤ ᠦᠨᠡᠨᠬᠦ ᠬᠦᠷᠬᠦ ᠶᠢᠨ ᠲᠥᠯᠥᠭᠡ᠂ ᠲᠣᠰ ᠤᠳᠠᠭᠠᠨ ᠤ ᠪᠠᠶᠢᠴᠠᠭᠠᠯᠲᠠ ᠳᠤ ᠳᠣᠤᠷᠠᠳᠤ ᠱᠠᠲᠤ ᠪᠠᠨ ᠪᠠᠶᠢᠴᠠᠭᠠᠬᠤ ᠪᠠ ᠠᠳᠠᠯᠢ ᠱᠠᠲᠤ ᠪᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠥᠪᠡᠰᠦᠪᠡᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ ᠰᠣᠯᠪᠢᠴᠠᠭᠤᠯᠣᠨ᠂ ᠤᠷᠢᠳᠠᠪᠠᠷ ᠳᠣᠭᠢᠷᠠᠭᠤᠯᠤᠨ ᠪᠠᠶᠢᠴᠠᠭᠠᠬᠤ ᠪᠠ ᠲᠦᠷ ᠴᠠᠭ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠯᠠᠨ ᠲᠠᠯ᠎ᠠ ᠠᠴᠠ᠂ ᠣᠯᠠᠨ ᠲᠠᠰ ᠳᠠᠪᠬᠤᠷᠭ᠎ᠠ ᠪᠠᠷ ᠪᠠᠶᠢᠴᠠᠭᠠᠪᠠ᠃ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠢᠳᠡᠭᠡᠨ ᠪᠠ ᠡᠮ ᠤᠨ ᠦᠢᠯᠡᠳᠪᠦᠷᠢ ᠬᠤᠳᠠᠯᠳᠤᠭ᠎ᠠ᠂ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠬᠠᠮᠲᠤᠷᠠᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠳ ᠲᠠᠢ ᠬᠠᠮᠲᠤᠷᠠᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠠᠶᠢᠴᠠᠭᠠᠯᠲᠠ ᠦᠷᠨᠢᠭᠦᠯᠦᠭᠰᠡᠨ ᠠᠴᠠ ᠭᠠᠳᠠᠨ᠎ᠠ᠂ ᠪᠠᠰᠠ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂ ᠬᠡᠤᠬᠡᠳ ᠤᠨ ᠲᠥᠪ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠪᠠᠶᠢᠴᠠᠭᠠᠬᠤ ᠳᠤᠭᠤᠶᠢᠯᠠᠩ ᠳᠤ ᠣᠷᠣᠭᠤᠯᠵᠤ᠂ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂ ᠠᠷᠠᠳ ᠠᠴᠠ ᠡᠷᠭᠢᠯᠡᠭᠰᠡᠨ ᠬᠡᠤᠬᠡᠳ ᠤᠨ ᠲᠥᠪ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠪᠠᠶᠢᠴᠠᠭᠠᠯᠲᠠ ᠶᠢ ᠦᠷᠨᠢᠭᠦᠯᠪᠠ᠃ ︽ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠪᠠᠶᠢᠴᠠᠭᠠᠬᠤ ᠳᠤᠭᠤᠶᠢᠯᠠᠩ ᠳᠤ ᠣᠷᠣᠭᠤᠯᠵᠤ᠂ ᠲᠡᠳᠡᠨ ᠢ ︿ᠪᠠᠶᠢᠴᠠᠭᠠᠭᠳᠠᠬᠤ﹀ ᠶᠢᠨ ᠵᠡᠷᠭᠡ ᠳᠤ ᠪᠠᠰᠠ ᠪᠤᠰᠤᠳ ᠢ ᠪᠠᠶᠢᠴᠠᠭᠠᠬᠤ ᠬᠡᠷᠡᠭᠲᠡᠶ᠂ ᠠᠵᠢᠯ ᠨᠢᠭᠡᠲᠡᠨ ᠢ ᠬᠥᠨᠳᠡᠯᠡᠨ ᠢᠶᠠᠷ ᠪᠠᠶᠢᠴᠠᠭᠠᠬᠤ ᠨᠢ ᠠᠵᠢᠯ ᠨᠢᠭᠡᠲᠡᠨ ᠤ ᠬᠠᠷᠠᠭ᠎ᠠ ᠪᠠᠷ ᠠᠰᠠᠭᠤᠳᠠᠯ ᠢ ᠢᠯᠡᠷᠡᠭᠦᠯᠬᠦ ᠪᠠᠷ ᠪᠠᠷᠠᠬᠤ ᠦᠭᠡᠶ ᠪᠠᠰᠠ ᠲᠡᠳᠡᠨ ᠤ ᠪᠡᠶ᠎ᠡ ᠬᠡᠮ ᠢ ᠬᠤᠪᠢᠷᠠᠭᠤᠯᠬᠤ ᠶᠢᠨ ᠵᠡᠷᠭᠡ ᠳᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠡᠵᠡᠮᠰᠢᠵᠦ᠂ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ︾ ᠭᠡᠵᠦ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠠᠯᠪᠠᠨ ᠭᠡᠷ ᠤᠨ ᠡᠷᠬᠢᠯᠡᠭᠴᠢ ᠯᠢ ᠬᠦᠢ ᠫᠢᠩ ᠬᠡᠯᠡᠪᠡ᠃     ᠠᠳᠠᠯᠢ ᠱᠠᠲᠤᠨ ᠤ ᠰᠣᠯᠪᠢᠴᠠᠯ ᠪᠠᠶᠢᠴᠠᠭᠠᠯᠲᠠ ᠶᠢ ᠪᠦᠬᠦᠨ ᠢ ᠬᠠᠮᠤᠷᠴᠤ ᠪᠦᠬᠦᠨ ᠢ ᠤᠶᠢᠯᠠᠭᠠᠨ ᠵᠢᠭᠰᠠᠭᠠᠵᠤ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠲᠠᠰᠢᠷᠠᠮ ᠳᠠᠭᠠᠤ ᠪᠠᠶᠢᠴᠠᠭᠠᠯᠲᠠ ᠥᠷᠨᠢᠭᠦᠯᠬᠦ ᠳᠡᠭᠡᠨ᠂ ᠤᠷᠢᠳᠠᠪᠠᠷ ᠨᠢᠭᠡᠴᠡ ᠲᠣᠭᠲᠠᠭᠠᠬᠤ ᠥᠬᠡᠶ᠂ ᠪᠠᠶᠢᠴᠠᠭᠠᠭᠳᠠᠬᠤ ᠨᠢᠭᠡᠴᠡ ᠨᠢ ᠬᠢᠨᠠᠨ ᠬᠠᠮᠢᠶᠠᠷᠬᠤ ᠨᠡᠷᠡᠰ ᠤᠨ ᠳᠣᠲᠣᠷ᠎ᠠ ᠠᠴᠠ ᠲᠠᠰᠢᠷᠠᠮ ᠳᠠᠭᠠᠤ ᠰᠣᠩᠭᠤᠨ ᠲᠣᠭᠲᠠᠭᠠᠨ᠎ᠠ᠃ ᠣᠯᠠᠨ ᠵᠦᠢᠯ ᠤᠨ ᠪᠠᠶᠢᠴᠠᠭᠠᠯᠲᠠ ᠶᠢᠨ ᠠᠷᠭ᠎ᠠ ᠮᠠᠶ᠋ᠢᠭ ᠢᠶᠠᠷ ᠪᠥᠬᠦ ᠰᠤᠷᠭᠠᠨ ᠬᠥᠮᠦᠵᠢᠯ ᠤᠨ ᠰᠢᠰᠲ᠋ᠧᠮ ᠳᠤ ᠳᠤᠲᠠᠭᠤᠳᠠᠯ ᠢ ᠨᠥᠬᠦᠪᠥᠷᠢᠯᠡᠵᠦ ᠳᠡᠭᠡᠭᠰᠢᠯᠡᠭᠦᠯᠬᠦ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠲᠤᠮᠤ ᠳ᠋ᠠᠶᠢᠲ᠋ᠠ ᠶᠢᠨ ᠰᠢᠭ᠍ᠰᠢᠯᠳᠠ ᠪᠠᠷ ᠪᠦᠳᠦᠮᠵᠢᠳᠣ ᠠᠵᠢᠯᠯᠠᠭᠠᠨ ᠦᠷᠨᠢᠭᠦᠯᠪᠠ     ᠪᠠᠶᠢᠴᠠᠭᠠᠯᠲᠠ ᠶᠢ ᠰᠠᠶᠢᠲᠤᠷ ᠬᠢᠬᠦ ᠶᠢᠨ ᠬᠠᠮᠲᠤ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠲᠣᠰᠬᠤᠨ ︵ᠰᠠᠭᠤᠭᠠᠯᠢ ︶ ᠤ ᠠᠷᠠᠳ ᠤᠨ ᠥᠪᠡᠷ ᠢᠶᠠᠨ ᠭᠡᠷ ᠪᠠᠷᠢᠭᠰᠠᠨ ᠬᠦᠨᠳᠦ ᠶᠡᠭᠡ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢ ᠶᠡᠷᠦᠩᠬᠡᠶᠢᠯᠡᠨ ᠵᠠᠰᠠᠬᠤ ᠲᠥᠰᠦᠯ︾ ᠲᠠᠢ ᠤᠶᠠᠯᠳᠤᠭᠤᠯᠵᠤ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠳᠠᠲᠠᠢ ᠪᠠᠶᠢᠳᠠᠯ ᠳᠤ ᠴᠢᠭᠯᠡᠭᠦᠯᠦᠨ᠂ ᠰᠤᠷᠭᠠᠭᠤᠯᠢ ᠶᠢᠨ ᠪᠠᠶᠢᠷᠢ᠂  ᠲᠥᠬᠦᠭᠡᠷᠦᠮᠵᠢ᠂ ᠲᠥᠬᠦᠭᠡᠷᠦᠮᠵᠢ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠲᠣᠭᠤᠷᠢᠨ ᠳᠤ᠂ ᠨᠠᠢᠮᠠᠨ ᠶᠡᠭᠡ ᠲᠦᠷᠦᠯ᠂ 44 ᠠᠰᠠᠭᠤᠳᠠᠯ ᠢ ᠲᠥᠯᠥᠪᠯᠡᠵᠦ᠂ ︽ᠠᠰᠠᠭᠤᠯᠲᠠ ᠶᠢᠨ ᠬᠠᠭᠤᠳᠠᠰᠤ ᠶᠢᠨ ᠤᠳᠤᠨ︾ ᠤ ᠵᠢᠵᠢᠭ ᠫᠷᠤᠭ᠍ᠷᠠᠮ ᠢᠶᠠᠷ ᠲᠠᠭᠯᠠᠨ ᠮᠡᠳᠡᠭᠦᠯᠵᠦ᠂ ᠬᠠᠮᠤᠭ ᠡᠴᠦᠰ ᠲᠤ ᠪᠦᠷᠢᠨ ᠲᠦᠬᠦᠷ ᠲᠤᠮᠤ ᠳ᠋ᠠᠶᠢᠲ᠋ᠠ ᠶᠢᠨ ᠬᠦᠰᠦᠨᠦᠭᠲᠦ ᠶᠢ ᠪᠦᠷᠢᠯᠳᠦᠭᠦᠯᠵᠡᠢ᠃    ᠭᠦᠨᠵᠡᠭᠡᠶ ᠰᠤᠷᠤᠯᠴᠠᠵᠤ᠂ ᠪᠢᠴᠢᠭ ᠮᠠᠲ᠋ᠧᠷᠢᠶᠠᠯ ᠢ ᠣᠶᠢᠯᠠᠭᠠᠬᠤ ᠠᠴᠠ ᠠᠪᠤᠭᠠᠳ ᠵᠢᠷᠤᠭ ᠲᠥᠯᠥᠪᠯᠡᠭᠡ ᠶᠢᠨ ᠠᠰᠠᠭᠤᠳᠠᠯ ᠳᠤ ᠬᠦᠷᠲᠡᠯ᠎ᠡ᠂ ᠲᠤᠭ᠎ᠠ ᠪᠦᠷᠢᠳᠬᠡᠯ ᠢ ᠪᠡᠶᠡᠯᠡᠭᠦᠯᠬᠦ ᠳᠤ ᠨᠢᠭᠡ ᠯᠡ ᠭᠠᠷᠠᠭ ᠤᠨ ᠴᠠᠭ ᠢ ᠬᠡᠷᠡᠭᠯᠡᠨ᠎ᠡ᠃ ᠣᠷᠣᠨ ᠤ ᠬᠠᠷᠢᠶ᠎ᠠ ᠰᠤᠷᠭᠠᠭᠤᠯᠢ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃    ᠯᠢ ᠬᠦᠶ ᠫᠢᠩ ᠬᠡᠯᠡᠭᠰᠡᠨ ᠨᠢ᠄ ︽ᠪᠢᠳᠡ ︿ᠢᠨᠲ᠋ᠤᠷ ᠰᠦᠯᠵᠢᠶ᠎ᠡ +﹀ ᠵᠠᠭᠪᠤᠷ ᠢ ᠬᠡᠷᠡᠭᠯᠡᠨ᠂ ︿ᠠᠰᠠᠭᠤᠯᠲᠠ ᠶᠢᠨ ᠬᠠᠭᠤᠳᠠᠰᠤ ᠶᠢᠨ ᠣᠳᠣᠨ﹀ ᠢᠶᠠᠷ ᠳᠠᠮᠵᠢᠭᠤᠯᠤᠨ ᠡᠨᠡᠬᠦ ᠬᠦᠰᠦᠨᠦᠭᠲᠦ ᠶᠢ ᠵᠢᠷᠤᠵᠤ ᠲᠥᠯᠥᠪᠯᠡᠭᠰᠡᠨ ᠨᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠵᠡᠷᠭᠡ ᠦᠨᠳᠦᠰᠦᠨ ᠪᠠᠶᠢᠳᠠᠯ ᠢ ᠡᠵᠡᠮᠰᠢᠭᠰᠡᠨ ᠢᠶᠠᠷ ᠪᠠᠷᠠᠬᠤ ᠦᠭᠡᠶ᠂ ᠨᠡᠩ ᠴᠢᠬᠤᠯᠠ ᠨᠢ ᠭᠡᠷ ᠪᠠᠶᠢᠰᠢᠩ ᠵᠢᠴᠢ ᠳᠣᠲᠣᠭᠠᠳᠤ ᠪᠦᠲᠦᠴᠡ᠂ ᠬᠡᠷᠡᠭᠯᠡᠭᠡᠨ ᠤ ᠮᠠᠲ᠋ᠧᠷᠢᠶᠠᠯ᠂ ᠭᠠᠯ ᠤᠨᠲᠠᠷᠭᠠᠵᠤ ᠪᠠᠶᠢᠭ᠎ᠠ ᠪᠠᠶᠢᠳᠠᠯ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠡᠵᠠᠮᠰᠢᠵᠠᠢ᠂ ᠰᠠᠭᠤᠷᠢ ᠲᠤᠭ᠎ᠠ ᠶᠢ ᠦᠨᠡᠨ ᠬᠦ ᠲᠣᠳᠣᠷᠬᠠᠶ ᠣᠶᠢᠯᠠᠭᠠᠵᠤ᠂ ᠳᠠᠷᠠᠭᠠᠴᠢ ᠶᠢᠨ ᠠᠯᠬᠤᠮ ᠳᠤ ᠠᠵᠢᠯ ᠢᠶᠠᠨ ᠨᠡᠩ ᠬᠠᠨᠳᠤᠯᠭᠠᠲᠤ ᠴᠢᠨᠠᠷᠲᠠᠶ᠂ ᠨᠡᠩ ᠥᠨᠳᠥᠷ ᠪᠦᠲᠦᠮᠵᠢᠲᠡᠶ ᠥᠷᠨᠢᠭᠦᠯᠦᠨ᠎ᠡ︾ ᠭᠡᠵᠡᠶ᠃     ᠡᠭᠦᠨ ᠠᠴᠠ ᠭᠠᠳᠠᠨ᠎ᠠ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠴᠤ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠡᠯ᠎ᠡ ᠰᠤᠷᠭᠠᠭᠤᠯᠢ ᠶᠢᠨ ᠬᠢᠨᠠᠨ ᠡᠵᠡᠮᠳᠡᠬᠦ ᠲᠠᠪᠴᠠᠩ ᠢ ᠴᠥᠮ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠬᠠᠮᠢᠶᠠᠷᠬᠤ ᠲᠠᠪᠴᠠᠩ ᠳᠤ ᠵᠠᠯᠭᠠᠨ ᠣᠷᠣᠭᠤᠯᠵᠤ᠂ ︽ᠢᠨᠲ᠋ᠤᠷ ᠰᠦᠯᠵᠢᠶ᠎ᠡ +︾ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠠᠶ᠃     ︽ᠡᠷᠭᠢᠵᠦ ᠬᠠᠷᠠᠬᠤ︾ ᠪᠠᠷ ᠳᠠᠪᠲᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠩᠬᠠᠷᠬᠤ ᠬᠡᠷᠡᠭᠲᠡᠶ     ᠠᠮᠤᠷ ᠲᠦᠪᠰᠢᠨ ᠤ ᠪᠠᠶᠢᠴᠠᠭᠠᠯᠲᠠ ᠶᠢᠨ ᠡᠴᠦᠰ ᠤᠨ ᠲᠤᠰᠤᠯᠲᠠ ᠪᠣᠯ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠤᠨ ᠬᠡᠮ ᠰᠣᠭᠤᠭ ᠢ ᠬᠤᠷᠢᠶᠠᠩᠭᠤᠶᠢᠯᠠᠵᠤ᠂ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠡᠯ᠎ᠡ ᠰᠤᠷᠭᠠᠭᠤᠯᠢ ᠶᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ ᠂ ᠬᠤᠭᠤᠴᠠᠭ᠎ᠠ ᠬᠢᠵᠠᠭᠠᠷᠯᠠᠨ ᠠᠷᠪᠠᠨ ᠡᠳᠦᠷ ᠤᠨ ᠳᠣᠲᠣᠷ᠎ᠠ ᠴᠡᠭᠴᠡᠯᠡᠨ ᠵᠠᠰᠠᠵᠤ ᠳᠠᠭᠤᠰᠬᠠᠬᠤ ᠬᠡᠷᠡᠭᠲᠡᠶ ᠭᠡᠵᠦ ᠱᠠᠭᠠᠷᠳᠠᠪᠠ᠃    ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ᠂ ᠡᠳᠦᠷ ᠪᠦᠷᠢ ᠶᠢᠨ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠵᠦ᠂ ᠡᠯ᠎ᠡ ᠰᠤᠷᠭᠠᠭᠤᠯᠢ ᠡᠳᠦᠷ ᠪᠦᠷᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠪᠠᠨ ᠳᠡᠭᠡᠭᠰᠢ ᠮᠡᠳᠡᠭᠦᠯᠦᠨ᠎ᠡ᠃ ᠡᠭᠦᠨ ᠤ ᠵᠡᠷᠭᠡ ᠳᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠠᠵᠢᠯᠲᠠᠨ ᠲᠣᠮᠢᠯᠠᠭᠰᠠᠨ‌‍ᠲ᠋ᠤᠰᠬᠠᠶ ᠠᠩᠭᠢ ᠪᠦᠷᠢᠯᠳᠦᠭᠦᠯᠵᠦ᠂ ᠳᠠᠯᠳᠠ ᠬᠡᠮ ᠤᠨ ᠠᠰᠠᠭᠤᠳᠠᠯ ᠢ ᠲᠣᠬᠢᠶᠠᠯᠳᠤᠯ ᠢᠶᠠᠷ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ ᠦᠨᠡᠨ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠴᠡᠭᠴᠡᠯᠡᠨ ᠰᠠᠶᠢᠵᠢᠷᠠᠭᠤᠯᠬᠤ ᠶᠢ ᠬᠠᠰᠢ ᠶᠠᠰᠢ ᠪᠠᠷ ᠥᠩᠭᠡᠷᠡᠭᠦᠯᠬᠦ ᠥᠬᠡᠶ ᠪᠠᠶᠢᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号