ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠡᠷᠢᠭᠦᠨ ᠤ ᠠᠵᠤ ᠠᠬᠤᠶᠢᠯᠠᠯ ᠪᠠ ᠲᠥᠷᠥᠯ ᠵᠦᠢᠯ ᠤᠨ ᠲᠤᠭ᠎ᠠ ᠪᠥᠬᠦ ᠬᠤᠲᠠ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2022/4/26
      ᠣᠶᠢᠷ᠎ᠠ ᠳᠤ᠂ ᠰᠤᠷᠪᠤᠯᠵᠢᠯᠠᠭᠴᠢ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠠᠴᠠ ᠣᠶᠢᠯᠠᠭᠠᠭᠰᠠᠨ ᠨᠢ  ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠰᠠᠭᠤᠭ᠎ᠠ ᠠᠵᠤ ᠠᠬᠤᠶᠢᠯᠠᠯ ᠪᠤᠭᠤᠲᠤ ᠶᠢᠨ ᠳ᠋ᠠ ᠳ᠋ᠢ ᠰᠢᠶᠦ᠋ᠩ ᠶᠦᠩ ᠼᠢ ᠰᠣᠷᠢᠨᠵᠢᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠪᠥᠬᠦ ᠬᠤᠲᠠ ᠶᠢᠨ 2021 ᠣᠨ ᠤ ᠦᠢᠯᠡᠳᠪᠦᠷᠢᠯᠡᠯ ᠢᠶᠠᠨ ᠥᠷᠭᠡᠳᠬᠡᠨ ᠴᠢᠳᠠᠪᠤᠷᠢ ᠪᠠᠨ ᠨᠡᠮᠡᠭᠳᠡᠭᠦᠯᠦᠭᠰᠡᠨ ᠲᠡᠷᠢᠭᠦᠨ ᠤ ᠠᠵᠤ ᠠᠬᠤᠶᠢᠯᠠᠯ ᠢᠶᠠᠷ ᠦᠨᠡᠯᠡᠭᠳᠡᠪᠡ᠃ ᠸᠧᠶ ᠹᠧᠩ ᠬᠤᠪᠣᠷ ᠰᠢᠷᠣᠶ ᠶᠢᠨ ᠴᠠᠬᠢᠯᠭᠠᠨ ᠰᠣᠷᠢᠨᠵᠢᠨ ᠤ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 7 ᠠᠵᠤ ᠠᠬᠤᠶᠢᠯᠠᠯ ᠠᠷᠪᠠᠨ ᠰᠢᠯᠢᠳᠡᠭ ︽ᠲᠤᠰᠬᠠᠶ ᠨᠠᠷᠢᠯᠢᠭ ᠣᠨᠴᠠ ᠰᠢᠨ᠎ᠡ︾ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠦᠨᠡᠯᠡᠭᠳᠡᠪᠡ  ᠃ ᠢᠯᠢ ᠶᠢᠨ ᠰᠦᠨ ᠦᠢᠯᠡᠰ ᠵᠡᠷᠭᠡ 3 ᠠᠵᠤ ᠠᠬᠤᠶᠢᠯᠠᠯ ᠠᠷᠪᠠᠨ ᠰᠢᠯᠢᠳᠡᠭ ᠡᠨᠧᠷᠭᠢ ︵ᠤᠰᠤ︶ ᠬᠠᠷᠭᠤᠭᠤᠯᠤᠭᠰᠠᠨ ᠪᠠᠷᠢᠮᠵᠢᠶ᠎ᠠ ᠶᠢᠨ ᠳᠠᠭᠠᠭᠤᠯᠤᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ ᠲᠡᠷᠢᠭᠦᠨ ᠤ ᠠᠵᠤ ᠠᠬᠤᠶᠢᠯᠠᠯ ᠢᠶᠠᠷ ᠦᠨᠡᠯᠡᠭᠳᠡᠭᠰᠡᠨ ᠲᠤᠭ᠎ᠠ ᠨᠡᠶᠢᠲᠡ 13 ᠡᠷᠦᠬᠡ ᠳᠤ ᠬᠦᠷᠴᠦ᠂ ᠪᠥᠬᠦ ᠬᠤᠲᠠ ᠶᠢᠨ 40.6% ᠶᠢ ᠡᠵᠡᠯᠡᠪᠡ᠃ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ 40GW ᠲᠠᠩ ᠲᠠᠯᠠᠰᠲᠤ ᠴᠠᠬᠢᠭᠤᠷ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠨᠢ ᠪᠦᠬᠦ ᠬᠤᠳᠠ ᠶᠢᠨ 2021 ᠣᠨ ᠤ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠪᠠᠷ ᠬᠠᠮᠤᠭ ᠤᠨ ᠲᠦᠷᠭᠡᠨ ᠲᠦᠷᠦᠯ ᠵᠦᠢᠯ ᠢᠶᠠᠷ ᠦᠨᠡᠯᠡᠭᠳᠡᠪᠡ  ᠃ ᠶᠢᠨ ᠯᠢ ᠲᠣᠭᠲᠠᠮᠠᠯ ᠰᠣᠷᠢᠨᠵᠢᠨ ᠥᠨᠳᠥᠷ ᠴᠢᠳᠠᠪᠬᠢᠳᠤ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠵᠡᠷᠭᠡ 3 ᠲᠦᠷᠦᠯ ᠵᠦᠢᠯ ᠨᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠳᠤᠪᠤᠶᠢᠮ᠎ᠠ ᠲᠦᠷᠦᠯ ᠵᠦᠢᠯ ᠢᠶᠠᠷ ᠦᠨᠡᠯᠡᠭᠳᠡᠪᠡ  ᠃ ᠵᠧᠨ ᠰᠢᠶᠦ᠋ᠩ ᠵᠡᠰ ᠤᠨ ᠦᠢᠯᠡᠰ ᠤᠨ 10 ᠲᠦᠮᠡᠨ ᠲᠣᠨ ᠤ ᠵᠠᠯᠭᠠᠭ᠎ᠠ ᠪᠠᠷ ᠴᠢᠳᠬᠤᠨ ᠬᠡᠪᠰᠢᠭᠦᠯᠦᠭᠰᠡᠨ ᠵᠡᠰ ᠪᠠᠭᠠᠨ᠎ᠠ ᠵᠢᠴᠢ ᠵᠡᠰ ᠳᠠᠮᠵᠢᠭᠤᠯᠤᠭᠴᠢ ᠶᠢ ᠨᠠᠷᠢᠯᠢᠭ ᠡᠳ᠋ᠰᠢᠭᠦᠯᠦᠨ ᠲᠡᠰ ᠳᠡᠪᠰᠢᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ ᠨᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠷᠪᠠᠨ ᠶᠡᠭᠡ ᠵᠢᠱᠢᠶ᠎ᠡ ᠦᠵᠡᠭᠦᠯᠬᠦ ᠲᠦᠷᠦᠯ ᠵᠦᠢᠯ ᠢᠶᠠᠷ ᠦᠨᠡᠯᠡᠭᠳᠡᠪᠡ᠃ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠵᠢᠯ ᠳᠤ 6000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠵᠡᠷᠭᠡ 4 ᠲᠦᠷᠦᠯ ᠵᠦᠢᠯ ᠨᠢ ᠠᠷᠪᠠᠨ ᠰᠢᠯᠢᠳᠡᠭ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢᠶᠠᠷ ᠦᠨᠡᠯᠡᠭᠳᠡᠪᠡ  ᠃ ᠶᠢᠩ ᠰᠧ ᠣᠨᠴᠠ ᠬᠤᠪᠣᠷ ᠰᠣᠷᠢᠨᠵᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠣᠭᠠᠴᠢᠯᠠᠭᠰᠠᠨ ᠦᠢᠯᠡᠳᠪᠦᠷᠢ ᠨᠢ ᠠᠷᠪᠠᠨ ᠰᠢᠯᠢᠳᠡᠭ ᠲᠣᠭᠠᠴᠢᠯᠠᠭᠰᠠᠨ ᠦᠢᠯᠡᠳᠪᠦᠷᠢ ︵ᠦᠢᠯᠡᠳᠪᠦᠷᠢ ᠶᠢᠨ ᠲᠠᠰᠤᠭ︶ ᠪᠠᠷ ᠦᠨᠡᠯᠡᠭᠳᠡᠪᠡ᠃ ᠲᠡᠷᠢᠭᠦᠨ ᠤ ᠲᠥᠷᠥᠯ ᠵᠦᠢᠯ ᠢᠶᠠᠷ ᠦᠨᠡᠯᠡᠭᠳᠡᠭᠰᠡᠨ ᠲᠤᠭ᠎ᠠ ᠬᠡᠮᠵᠢᠶ᠎ᠡ 10 ᠪᠣᠯᠵᠣ᠂ ᠪᠥᠬᠦ ᠬᠤᠲᠠ ᠶᠢᠨ 24.4% ᠶᠢ ᠡᠵᠡᠯᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号