ᠲᠦᠷᠪᠡᠨ ᠲᠠᠯ᠎ᠠ ᠪᠠᠷ ᠢᠶᠠᠨ ᠬᠠᠮᠲᠤᠷᠠᠯᠴᠠᠵᠤ ︽ᠡᠬᠢ ᠰᠣᠷᠪᠣᠯᠵᠢᠳᠣ ᠲᠣᠣᠷ ᠴᠡᠨᠡᠭ ᠨᠥᠭᠡᠴᠡᠯᠡᠬᠦ ᠶᠢ ᠨᠢᠭᠡ ᠴᠤᠬᠴᠠᠵᠢᠭᠤᠯᠤᠬᠰᠠᠨ ᠵᠢᠱᠢᠶ᠎ᠡ ᠦᠵᠡᠭᠦᠯᠬᠦ ᠲᠦᠷᠦᠯ ᠵᠦᠢᠯ︾ ︽ᠴᠡᠪᠡᠷ ᠡᠨᠧᠷᠭᠢ ᠶᠢᠨ ᠬᠤᠷᠣᠭᠳᠠᠯ ᠦᠭᠡᠢ ᠪᠣᠬᠢᠷᠲᠤᠯ ᠦᠭᠡᠢ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ︾ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2022/4/26
    4 ᠰᠠᠷ᠎ᠠ ᠶᠢᠨ 7 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠱᠤᠸᠠᠩ ᠯᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠢᠶᠠᠩᠰᠦ ᠶᠢᠨ ᠲᠢᠶᠠᠨ ᠾᠧ ᠨᠡᠷᠡᠨ ᠡᠨᠧᠷᠭᠢ ᠶᠢᠨ ᠴᠠᠬᠢᠯᠭᠠᠨ ᠬᠦᠴᠦᠨ ᠤ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤ ᠪᠠᠷ ︽ᠴᠡᠪᠡᠷ ᠡᠨᠧᠷᠭᠢ ᠶᠢᠨ ᠬᠤᠷᠣᠭᠳᠠᠭᠤᠯᠤᠯ ᠦᠭᠡᠢ ᠨᠣᠭᠤᠭᠠᠨ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ︾ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠳᠠᠪᠠ᠃ ᠱᠤᠸᠠᠩ ᠯᠢᠶᠠᠩ ᠪᠦᠯᠦᠭᠯᠡᠯ᠂ ᠲᠢᠶᠠᠨ ᠾᠧ ᠪᠦᠯᠦᠭᠯᠡᠯ᠂ ᠤᠯᠤᠰ ᠤᠨ ᠴᠠᠬᠢᠯᠭᠠᠨ ᠬᠦᠴᠦᠨ ᠳᠤ 105 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠳᠡᠯᠡᠬᠡᠶ ᠶᠢᠨ ᠲᠡᠷᠢᠭᠦᠨ ᠤ ᠡᠨᠧᠷᠭᠢ ᠶᠢᠨ ᠮᠡᠷᠭᠡᠵᠢᠯ ᠢ ᠠᠰᠢᠭᠯᠠᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠪᠥᠬᠦᠶ ᠡᠬᠢ ᠰᠤᠷᠪᠤᠯᠵᠢ ᠶᠢᠨ ᠲᠣᠤᠷ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠥᠲᠥᠭᠡᠨ ᠪᠠᠶᠢᠭᠤᠯᠵᠤ᠂ ︽ᠴᠡᠪᠡᠷ ᠡᠨᠧᠷᠭᠢ ᠶᠢᠨ ᠬᠤᠷᠣᠭᠳᠠᠭᠤᠯᠤᠯ ᠦᠭᠡᠢ ᠨᠣᠭᠤᠭᠠᠨ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ︾ ᠢ ᠪᠠᠶᠢᠭᠤᠯᠤᠨ᠎ᠠ᠃     ᠣᠶᠢᠯᠠᠭᠠᠭᠰᠠᠨ ᠢᠶᠠᠷ᠂ ᠬᠠᠮᠲᠤᠷᠠᠨ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠨᠢ ᠣᠳᠣᠬᠠᠨ ᠤ ᠳᠥᠷᠪᠡᠨ ᠲᠠᠯ᠎ᠠ ᠪᠠᠷ ᠢᠶᠠᠨ ᠬᠠᠮᠲᠤᠷᠠᠨ ᠠᠵᠢᠯᠯᠠᠵᠤ ᠪᠠᠶᠢᠭ᠎ᠠ 1000MW-5000MW ᠶᠢᠨ ᠥᠩᠭᠡ ᠦᠵᠡᠮᠵᠢ ᠨᠥᠭᠡᠴᠡᠯᠡᠬᠦ ᠶᠢ ᠨᠢᠭᠡ ᠴᠤᠭᠴᠠᠵᠢᠭᠤᠯᠤᠭᠰᠠᠨ ᠴᠡᠪᠡᠷ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠲᠣᠬᠢᠶᠠᠯ ᠪᠣᠯᠭᠠᠵᠤ᠂ ᠰᠠᠯᠬᠢ᠂ ᠬᠡᠷᠡᠯ᠂ ᠨᠥᠭᠡᠴᠡ ᠶᠢᠨ ᠡᠬᠢ ᠰᠤᠷᠪᠤᠯᠵᠢ ᠶᠢᠨ ᠲᠣᠤᠷ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠤᠭᠰᠠᠨ ᠠᠵᠤ  ᠦᠢᠯᠡᠰ ᠤᠨ ᠲᠥᠷᠥᠯ ᠵᠦᠢᠯ ᠵᠢᠴᠢ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠭᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠡᠨᠧᠷᠭᠢ ᠶᠢᠨ ᠰᠤᠷᠪᠤᠯᠵᠢ ᠪᠠ ᠣᠯᠠᠨ ᠡᠨᠧᠷᠭᠢ ᠶᠢᠨ ᠰᠤᠷᠪᠤᠯᠵᠢ ᠶᠢᠨ ᠬᠠᠷᠢᠯᠴᠠᠨ ᠨᠥᠬᠦᠪᠥᠷᠢᠯᠡᠬᠦ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠦᠨ᠎ᠡ  ᠃  ᠶᠡᠷᠦᠩᠬᠡᠶᠢᠯᠡᠭᠰᠡᠨ ᠡᠨᠧᠷᠭᠢ ᠶᠢᠨ ᠬᠠᠮᠢᠶᠠᠷᠤᠯᠲᠠ ᠶᠢᠨ ᠬᠦᠷᠢᠶᠡᠨ ᠤ ᠲᠠᠯ᠎ᠠ ᠪᠠᠷ᠂ ᠲᠥᠷᠥᠯ ᠵᠦᠢᠯ ᠤᠨ ᠬᠦᠷᠢᠶᠡᠯᠡᠩ ᠣᠷᠣᠨ ᠤ ᠪᠦᠬᠦᠯᠢ ᠴᠣᠭᠴᠠ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ︽5G + ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ + ᠤᠶᠤᠨᠲᠤ ᠴᠠᠬᠢᠯᠭᠠᠨ ᠤ ᠦᠢᠯᠡᠳᠪᠦᠷᠢ︾ ᠵᠡᠷᠭᠡ ᠲᠥᠷᠥᠯ ᠵᠦᠢᠯ ᠤᠨ ᠬᠠᠮᠲᠤᠷᠠᠯᠴᠠᠭ᠎ᠠ ᠪᠠ ᠥᠷᠨᠢᠯᠲᠡ ᠶᠢ ᠬᠠᠮᠲᠤᠪᠠᠷ ᠠᠬᠢᠭᠤᠯᠤᠨ᠎ᠠ  ᠃ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠶᠣᠰᠣᠭᠠᠷ᠂ ᠴᠠᠬᠢᠯᠭᠠᠨ ᠴᠡᠨᠡᠭᠯᠡᠬᠦ ᠱᠣᠩ ᠢᠶᠠᠷ ᠭᠤᠤᠯ ᠪᠣᠯᠭᠠᠭᠰᠠᠨ ︽ᠬᠡᠷᠡᠯ ᠬᠠᠳᠠᠭᠠᠯᠠᠯᠲᠠ ᠶᠢ ᠨᠢᠭᠡ ᠴᠣᠠᠠᠴᠠᠵᠢᠭᠤᠯᠥᠠᠠᠰᠠᠨ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ + 5G︾ ᠶᠢᠨ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠨᠢᠭᠦᠯᠵᠦ᠂ ᠴᠠᠬᠢᠯᠭᠠᠨ ᠴᠡᠨᠡᠭᠯᠡᠬᠦ᠂ ︽ᠴᠠᠬᠢᠯᠭᠠᠨ ᠰᠣᠯᠢᠬᠤ + ᠡᠨᠧᠷᠭᠢ ᠬᠠᠳᠠᠭᠠᠯᠠᠬᠤ︾ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢ ᠥᠷᠨᠢᠭᠦᠯᠦᠨ᠎ᠡ᠃     ᠡᠭᠦᠨ ᠤ ᠬᠠᠮᠲᠤ᠂ ᠬᠠᠮᠲᠤᠷᠠᠯᠴᠠᠭᠠᠨ ᠤ ᠳᠥᠷᠪᠡᠨ ᠲᠠᠯ᠎ᠠ ᠶᠢᠨ ᠬᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ ᠬᠠᠮᠲᠤᠷᠠᠯᠴᠠᠭᠠᠨ ᠤ ᠵᠠᠷᠴᠢᠮ ᠶᠣᠰᠣᠭᠠᠷ᠂ ᠪᠤᠭᠤᠲᠤ ᠳᠤ ᠶᠡᠷᠦᠩᠬᠡᠶᠢᠯᠡᠭᠰᠡᠨ ᠬᠡᠯᠪᠡᠷᠢ ᠶᠢᠨ ᠠᠷᠢᠭᠤᠨ ᠴᠡᠪᠡᠷ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠪᠠ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠪᠡᠷᠲᠡᠭᠡᠨ ᠬᠡᠷᠡᠭᠯᠡᠬᠦ ᠡᠨᠧᠷᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠯᠡᠬᠡᠶ ᠶᠢᠨ ᠲᠡᠷᠢᠭᠦᠨ ᠤ ᠰᠢᠨ᠎ᠡ ᠡᠨᠧᠷᠭᠢ ᠶᠢ ᠨᠢᠭᠡ ᠴᠤᠭᠴᠠᠵᠢᠭᠤᠯᠬᠤ᠂ ︽ᠶᠠᠪᠤᠭᠤᠯᠬᠤ ᠳᠠᠮᠵᠢᠭᠤᠯᠬᠤ ᠬᠡᠷᠡᠭᠯᠡᠬᠦ︾ ᠶᠢ ᠵᠣᠬᠢᠴᠠᠯᠳᠤᠭᠤᠯᠤᠨ ᠠᠬᠢᠭᠤᠯᠤᠭᠰᠠᠨ ᠪᠣᠬᠢᠷᠲᠤᠯ ᠥᠬᠡᠶ ᠥᠨᠳᠥᠷ ᠦᠷ᠎ᠡ ᠠᠰᠢᠭᠲᠤ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠤᠭᠤᠲᠤ ᠶᠢᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ᠂ ᠪᠥᠬᠦ ᠤᠯᠤᠰ ᠤᠨ ᠴᠢᠬᠤᠯᠠ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠪᠤᠭᠤᠲᠤ ᠶᠢᠨ ᠬᠤᠪᠣᠷ ᠰᠢᠷᠣᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号