5 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠯᠢᠦ ᠶᠤᠸᠠᠨ ᠣᠯᠠᠨᠪᠣᠯᠠᠭ ᠪᠠᠯᠭᠠᠰᠤᠨ ᠤ ᠣᠶᠢᠷ᠎ᠠ ᠶᠢᠨ | ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ ᠵᠢᠴᠢ ᠡᠯ᠎ᠡ ᠲᠣᠰᠬᠤᠨ᠂ ᠨᠡᠶᠢᠭᠡᠮ ᠣᠷᠣᠨ ᠤ | ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ᠂ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠵᠢᠴᠢ 2022 ᠣᠨ ᠤ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ | ᠪᠠᠶᠢᠷᠢᠯᠠᠭᠤᠯᠵᠤ᠂ ᠮᠠᠨ ᠤ ᠪᠠᠯᠭᠠᠰᠤᠨ ᠤ ᠠᠵᠢᠯ ᠤᠨ ᠯᠠᠪᠳᠠᠭᠤᠨ ᠪᠠᠲᠤᠲᠠᠢ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ ᠶᠤᠮ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠤᠬᠠᠭᠤᠯᠵᠤ᠂ ᠨᠠᠰᠤᠵᠢᠯ ᠤᠨ | ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠶᠢᠨ ᠪᠣᠳᠠᠲᠤ ᠠᠴᠢ ᠬᠤᠯᠪᠣᠭᠳᠠᠯ ᠪᠣᠯᠤᠨ ᠠᠯᠤᠰ ᠬᠡᠳᠤ ᠶᠢᠨ | ᠨᠥᠯᠥᠭᠡ ᠶᠢ ᠲᠣᠳᠣᠷᠬᠠᠶᠢᠯᠠᠨ ᠲᠠᠶᠢᠯᠪᠤᠷᠢᠯᠠᠬᠤ ᠪᠠᠨ ᠴᠢᠩᠭᠠᠳᠬᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ | ᠠᠭᠤᠯᠭ᠎ᠠ ᠲᠠᠢ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠵᠤ᠂ ᠪᠦᠬᠦ ᠨᠡᠶᠢᠭᠡᠮ ᠢᠶᠠᠷ ᠢᠶᠠᠨ ᠨᠠᠰᠤᠵᠢᠯ ᠤᠨ | ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ | ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨᠬᠦ ᠬᠠᠮᠵᠢᠯᠴᠠᠨ ᠰᠠᠶᠢᠲᠤᠷ ᠬᠢᠵᠦ᠂ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ | ᠲᠠᠯᠪᠢᠵᠤ᠂ ᠠᠮᠤᠷ ᠲᠦᠪᠰᠢᠨ ᠤ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ | ᠰᠡᠷᠭᠡᠶᠢᠯᠡᠵᠦ᠂ ᠴᠠᠭ ᠲᠤᠬᠠᠢ ᠳᠤᠨᠢ ᠰᠢᠢᠳᠪᠦᠷᠢᠯᠡᠨ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ | ᠨᠥᠯᠥᠭᠡᠯᠡᠬᠦ ᠬᠦᠨᠳᠦ ᠶᠡᠭᠡ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ | ᠲᠣᠭᠤᠷᠢᠨ ᠢ ᠪᠤᠢ ᠪᠣᠯᠭᠠᠵᠤ᠂ ᠮᠠᠨ ᠤ ᠪᠠᠯᠭᠠᠰᠤᠨ ᠤ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ | ᠠᠬᠢᠭᠤᠯᠬᠤ ᠨᠢ ᠣᠯᠠᠨᠪᠣᠯᠠᠭ ᠪᠠᠯᠭᠠᠰᠤ ᠶᠢᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠂ | ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠵᠢᠴᠢ ᠱᠠᠭᠠᠷᠳᠠᠯᠭ᠎ᠠ ᠶᠢᠨ ᠲᠣᠭᠤᠷᠢᠨ ᠳᠤ | ᠡᠯ᠎ᠡ ᠵᠦᠢᠯ ᠤᠨ ᠠᠵᠢᠯ ᠢ ᠵᠠᠳᠠᠯᠵᠤ᠂ ᠲᠣᠭᠲᠠᠭᠰᠠᠨ ᠬᠤᠭᠤᠴᠠᠭᠠᠨ ᠳᠣᠲᠣᠷ᠎ᠠ ᠡᠭᠦᠷᠭᠡ ᠪᠠᠨ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠵᠤ᠂ ᠣᠯᠠᠨᠪᠣᠯᠠᠭ ᠪᠠᠯᠭᠠᠰᠤ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠠ᠃ |