ᠳᠡᠭᠡᠳᠦ ᠰᠢᠨ᠎ᠡ ᠮᠡᠷᠭᠡᠵᠢᠯ ᠤᠨ ᠣᠷᠣᠨ ︽ᠬᠠᠮ ᠠᠷᠭ᠎ᠠ︾  ᠪᠠᠷ ᠠᠵᠤ ᠠᠬᠤᠶ ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/5/23
    ᠣᠶᠢᠷ᠎ᠠ ᠶᠢᠨ ᠡᠳᠦᠷ ᠤᠳ ᠲᠤ᠂ ᠬᠠᠶ ᠯᠦᠸᠧ ᠪᠦᠯᠦᠭᠯᠡᠯ ᠤᠨ ᠠᠩᠬᠠᠨ ᠤ ᠪᠦᠯᠦᠭ ᠴᠡᠪᠡᠷ ᠴᠠᠬᠢᠯᠭᠠᠨ ᠬᠥᠳᠡᠯᠭᠡᠭᠦᠷᠲᠦ ᠠᠭᠤᠷᠬᠠᠶ ᠶᠢᠨ ᠲᠡᠷᠭᠡ TR50E ᠶᠢᠨ ᠲᠡᠷᠭᠡ ᠶᠠᠪᠤᠭᠤᠯᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠤᠮᠠᠷᠠᠲᠤ ᠶᠢᠨ ᠬᠤᠪᠢ ᠣᠷᠣᠭᠤᠯᠤᠭᠰᠠᠨ ᠶᠡᠷᠦᠩᠬᠡᠶ ᠤᠭᠰᠠᠷᠠᠯᠲᠠ ᠶᠢᠨ ᠦᠢᠯᠡᠳᠪᠦᠷᠢ ᠶᠢᠨ ᠲᠠᠰᠤᠭ ᠲᠡᠷᠭᠡ ᠶᠠᠪᠤᠭᠤᠯᠬᠤ ᠵᠠᠩᠭᠢᠯᠠᠭ᠎ᠠ ᠶᠢᠨ ᠴᠡᠭ ᠠᠴᠠ ᠠᠵᠢᠯ ᠤᠨ ᠠᠬᠢᠴᠠ ᠶᠢ ᠭᠡᠳᠡᠷᠭᠦ ᠳᠥᠯᠭᠢᠨ ᠠᠬᠢᠭᠤᠯᠵᠤ᠂ ᠪᠡᠷᠬᠡ ᠰᠡᠳᠦᠪ ᠢ ᠰᠢᠢᠳᠪᠦᠷᠢᠯᠡᠬᠦ ᠪᠦᠯᠬᠦᠮ ᠢ ᠵᠣᠬᠢᠶᠠᠨ ᠪᠠᠶᠢᠭᠤᠯᠣᠨ᠂ ︽ᠬᠤᠶᠠᠷ ᠡᠭᠡᠯᠵᠢ ᠪᠠᠷ ᠡᠭᠡᠯᠵᠢᠯᠡᠬᠦ᠂ ᠴᠠᠭ ᠨᠡᠮᠡᠵᠦ ᠠᠵᠢᠯᠯᠠᠬᠤ ᠲᠦᠷᠢᠮ︾ ᠤᠨ ᠠᠵᠢᠯ ᠤᠨ ᠵᠠᠭᠪᠤᠷ ᠢ ᠡᠬᠢᠯᠡᠨ ᠬᠡᠷᠡᠭᠵᠢᠭᠦᠯᠵᠦ ᠂ ᠴᠠᠭ ᠮᠥᠴᠡ ᠶᠢ ᠠᠯᠳᠠᠯ ᠥᠬᠡᠶ ᠪᠠᠷ ᠠᠵᠢᠯ ᠤᠨ ᠬᠤᠭᠤᠴᠠᠭ᠎ᠠ ᠶᠢ ᠵᠠᠪᠳᠤᠵᠤ ᠪᠠᠶᠢᠨ᠎ᠠ᠃ ᠦᠢᠯᠡᠳᠪᠦᠷᠢᠯᠡᠯ ᠤᠨ ᠲᠠᠰᠤᠭ ᠤᠨ ︽ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠦᠭᠦᠭᠡ ᠲᠠᠯ᠎ᠠ ᠪᠠᠷ ᠮᠠᠲ᠋ᠧᠷᠢᠶᠠᠯ ᠭᠠᠳᠠᠭᠰᠢᠯᠠᠭᠤᠯᠬᠤ ᠦᠢᠯᠡᠳᠪᠦᠷᠢᠯᠡᠯ ᠢ ᠠᠳᠬᠤᠵᠤ︾᠂ ᠬᠢᠵᠢᠭ ᠢ ᠰᠡᠷᠭᠡᠶᠢᠯᠡᠬᠦ ᠪᠠ ᠦᠢᠯᠡᠳᠪᠦᠷᠢᠯᠡᠬᠦ ᠶᠢᠨ ︽ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ︾ ᠶᠢ ᠪᠠᠳᠣᠯᠠᠵᠣ ᠪᠠᠶᠢᠨ᠎ᠠ  ᠃     ᠢᠳᠡᠪᠬᠢᠵᠢᠯ ᠢᠶᠠᠨ ᠪᠠᠭᠤᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠠᠶᠢᠭ᠎ᠠ ᠪᠤᠭᠤᠲᠤ ᠶᠢᠨ ᠢᠯᠢ ᠺᠣᠮᠫᠠᠨᠢ ᠳᠤ᠂ ᠪᠠᠷᠠᠭᠠᠨ ᠤ ᠭᠦᠢᠯᠭᠡᠭᠡᠨ ᠤ ᠮᠠᠰᠢᠨ ᠲᠡᠷᠭᠡ ᠨᠦᠭᠦᠳ ᠢ ᠠᠵᠢᠯᠲᠠᠳ ᠤᠨ ᠵᠢᠯᠤᠭᠤᠳᠤᠯᠭ᠎ᠠ ᠳᠣᠣᠷ᠎ᠠ ᠡᠮᠬᠢ ᠵᠢᠷᠤᠮ ᠲᠠᠢ ᠪᠠᠷ ᠲᠡᠭᠡᠭᠡᠪᠦᠷᠢᠯᠡᠵᠦ᠂ ᠵᠥᠭᠡᠭᠡᠪᠦᠷᠢᠯᠡᠬᠦ ᠶᠢ ᠬᠦᠯᠢᠶᠡᠵᠦ᠂ ᠣᠳᠣᠬᠠᠨ ᠳᠤ ᠦᠢᠯᠡᠳᠪᠦᠷᠢ ᠶᠢᠨ ᠡᠳᠦᠷ ᠪᠦᠷᠢ ᠶᠢᠨ ᠭᠠᠷᠤᠯᠲᠠ ᠵᠢᠴᠢ ᠵᠥᠭᠡᠭᠡᠪᠦᠷᠢᠯᠡᠯᠲᠡ ᠶᠢᠨ ᠬᠡᠮᠵᠢᠶ᠎ᠡ 600 ᠲᠣᠨ ᠳᠤ ᠬᠦᠷᠴᠦ ᠪᠤᠢ  ᠃     ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠢᠯᠢ ᠺᠣᠮᠫᠠᠨᠢ ᠪᠥᠬᠦ ᠠᠵᠢᠯᠲᠠᠨ ᠤ ︽ᠬᠤᠶᠠᠷ ᠴᠡᠭ ᠨᠢᠭᠡ ᠱᠤᠭᠤᠮ︾ ᠤᠨ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠵᠦ᠂ ᠦᠢᠯᠡᠳᠪᠦᠷᠢ ᠳᠤ ᠪᠠᠶᠢᠭ᠎ᠠ ᠠᠵᠢᠯᠲᠠᠨ ᠤ ᠲᠤᠭ᠎ᠠ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠠᠰᠬᠠᠵᠤ᠂ ᠡᠳᠦᠷ ᠪᠦᠷᠢ ᠠᠵᠢᠯ ᠳᠤ ᠭᠠᠷᠬᠤ ᠲᠡᠷᠭᠡ ᠪᠠᠷ ᠲᠡᠭᠡᠭᠡᠪᠦᠷᠢᠯᠡᠨ ᠬᠦᠷᠭᠡᠵᠦ ᠪᠠᠶᠢᠨ᠎ᠠ᠃ ᠬᠡᠳᠦ᠋ᠢᠪᠡᠷ ᠬᠢᠵᠢᠭ ᠤᠨ ᠪᠠᠶᠢᠳᠠᠯ ᠨᠢ ᠡᠯ᠎ᠡ ᠲᠤᠮᠤ ᠠᠵᠤ ᠠᠬᠤᠶᠢᠯᠠᠯ ᠤᠨ ᠬᠥᠭᠵᠢᠯᠲᠡ ᠳᠤ ᠪᠠᠭ᠎ᠠ ᠪᠤᠰᠤ ᠬᠠᠷᠰᠢ ᠰᠠᠭᠠᠳ ᠤᠴᠠᠷᠠᠭᠤᠯᠤᠭᠰᠠᠨ ᠪᠣᠯᠪᠠᠴᠤ᠂ ᠢᠯᠢ ᠶᠢᠨ ᠨᠠᠮ ᠤᠨ ᠡᠭᠦᠷ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠢᠳᠡᠪᠬᠢᠲᠡᠢ ᠵᠣᠯᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠲᠤ ᠴᠢᠩᠭ᠎ᠠ ᠬᠠᠮᠠᠭᠠᠯᠠᠯᠲᠠ ᠶᠢᠨ ᠬᠠᠯᠬᠠᠪᠴᠢ ᠶᠢ ᠪᠠᠶᠢᠭᠤᠯᠣᠨ᠂ ᠺᠣᠮᠫᠠᠨᠢ ᠶᠢᠨ ᠦᠢᠯᠡᠳᠪᠦᠷᠢᠯᠡᠯ ᠤᠨ ᠠᠵᠢᠯᠯᠠᠭᠠᠨ ᠤ ᠲᠣᠭᠲᠠᠭᠤᠨ ᠢ ᠪᠦᠲᠦᠮᠵᠢᠲᠡᠢ ᠪᠠᠲᠤᠯᠠᠪᠠ᠃     ᠡᠨᠡ ᠵᠢᠯ ᠠᠴᠠ ᠨᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠬᠤ ︽ᠬᠠᠮ ᠠᠷᠭ᠎ᠠ︾ ᠪᠠᠷ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠭᠤᠤᠯᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠠᠯᠠ ᠣᠷᠣᠭᠤᠯᠤᠯᠲᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃     ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠠᠪᠤᠨ ᠨᠢᠭᠡ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠤᠳᠤᠷᠢᠳᠤᠯᠭ᠎ᠠ ᠠᠴᠠ ᠬᠤᠯᠪᠣᠭᠠᠯᠠᠬᠤ ᠶᠢ ᠳᠠᠭᠠᠭᠠᠴᠢᠯᠠᠵᠤ ᠪᠠᠶᠢᠭᠰᠠᠨ ᠠᠴᠠ ᠪᠠᠨ ᠲᠤᠰᠬᠠᠶ ᠠᠩᠭᠢ ᠳᠤ ᠦᠢᠯᠡᠴᠢᠯᠡᠬᠦ ᠬᠦᠷᠲᠡᠯᠡᠬᠢ ᠪᠥᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠤᠷᠪᠤᠯᠵᠢᠯᠠᠵᠤ ᠪᠠᠶᠢᠭᠰᠠᠨ ᠠᠴᠠ ᠪᠠᠨ ᠪᠥᠬᠦᠳᠡ ᠶᠢ ᠨᠢᠭᠡᠳᠬᠡᠬᠦ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ  ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ ︽ᠭᠠᠵᠠᠷ ᠰᠢᠷᠣᠶ ᠶᠢ ᠠᠳᠬᠤᠪᠠᠯ ᠳᠠᠷᠤᠶ ᠠᠵᠢᠯ ᠡᠬᠢᠯᠡᠭᠦᠯᠦᠨ᠎ᠡ︾ ᠭᠡᠳᠡᠭ ᠢ ︽ᠭᠡᠷ᠎ᠡ ᠲᠣᠭᠲᠠᠪᠠᠯ ᠳᠠᠷᠤᠶ ᠠᠵᠢᠯ ᠡᠬᠢᠯᠡᠭᠦᠯᠦᠨ᠎ᠡ︾ ᠪᠣᠯᠭᠠᠵᠣ ᠬᠤᠪᠢᠷᠠᠭᠤᠯᠤᠨ᠎ᠠ᠃ ᠣᠲᠣ ᠪᠣᠯᠲᠠᠯ᠎ᠠ᠂ ᠴᠢᠬᠤᠯᠠ ᠶᠡᠭᠡ ᠵᠦᠢᠯᠡᠰ ᠤᠨ ᠠᠷᠪᠠᠨ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ ᠨᠢ 100% ᠳᠤ ᠬᠦᠷᠴᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 100% ᠳᠤ ᠭᠦᠷᠦᠭᠰᠡᠨ ᠪᠠᠶᠢᠨ᠎ᠠ᠃      ᠳᠣᠲᠣᠨᠣ ᠦᠢᠯᠡᠴᠢᠯᠡᠭᠡ ᠪᠠᠷ ᠪᠠᠲᠤᠯᠠᠭ᠎ᠠ ᠶᠢ ᠠᠳᠬᠤᠵᠤ᠂ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠭᠦ︾᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ︽ᠨᠢᠭᠡ ᠰᠦᠯᠵᠢᠶ᠎ᠡ ᠪᠠᠷ ᠪᠦᠬᠦᠨ ᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠳᠤᠲᠠᠭᠤ ᠶᠢ ᠪᠠᠭᠲᠠᠭᠠᠬᠤ ᠶᠢ ᠬᠢᠨᠠᠨ ᠵᠥᠪᠰᠢᠶᠡᠷᠡᠬᠦ ᠳᠦᠷᠢᠮ︾᠂ ︽ᠠᠵᠤ ᠠᠬᠤᠶᠢᠯᠠᠯ ᠤᠨ ᠠᠮᠠᠯᠠᠯᠲᠠ ᠶᠢᠨ ᠳᠦᠷᠢᠮ︾ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠣᠨ᠂ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠂ ᠬᠤᠳᠠᠯᠳᠤᠭ᠎ᠠ ᠶᠢ ᠲᠣᠭᠲᠠᠪᠤᠷᠢᠵᠢᠭᠤᠯᠵᠤ᠂ ᠬᠦᠴᠢᠷᠳᠡᠯ ᠢ ᠰᠢᠢᠳᠪᠦᠷᠢᠯᠡᠨ᠎ᠡ᠃ ᠮᠥ ᠪᠦᠷᠢ ᠶᠢᠨ ᠳᠤᠮᠳᠠᠴᠢ ᠦᠷ᠎ᠡ ᠠᠰᠢᠭ ᠤᠨ ᠶᠡᠷᠦᠩᠬᠡᠶᠢᠯᠡᠭᠰᠡᠨ ᠦᠨᠡᠯᠡᠯᠲᠡ ᠶᠢ ᠥᠷᠨᠢᠭᠦᠯᠵᠦ᠂ ᠦᠯᠡᠳᠡᠭᠡᠯ ᠬᠡᠷᠡᠭᠯᠡᠬᠦ ᠭᠠᠵᠠᠷ ᠢ ᠢᠳᠡᠪᠬᠢᠲᠡᠶ ᠪᠠᠷ ᠠᠮᠢᠳᠤᠯᠢᠭᠵᠢᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃     ᠳ᠋ᠠ ᠳ᠋ᠢ ᠰᠢᠶᠦ᠋ᠩ ︵ᠪᠤᠭᠤᠲᠤ︶ ᠤᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠳᠣᠯᠬᠤ᠂ ᠪᠦᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ︾ ᠤᠷᠤᠯᠳᠤᠭᠠᠨ ᠤ ᠬᠠᠯᠠᠭᠤᠨ ᠥᠷᠨᠢᠯᠲᠡ ᠭᠠᠷᠴᠤ ᠪᠤᠢ᠂ ᠡᠨᠡ ᠨᠢ ᠳᠠᠷᠤᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠭᠰᠡᠨ ᠠᠮᠢᠳᠤᠯᠢᠭ ᠦᠢᠯᠡᠳᠦᠯᠭᠡ ᠪᠣᠯᠤᠨ᠎ᠠ᠃ ᠠᠵᠤ ᠠᠬᠤᠶᠢᠯᠠᠯ ᠤᠨ ᠪᠥᠬᠦ ᠠᠵᠢᠯᠲᠠᠨ ᠠᠵᠢᠯᠴᠢᠨ ᠪᠠᠶᠢᠯᠳᠤᠭᠠᠨ ᠤ ᠬᠡᠩᠭᠡᠷᠭᠡ ᠳᠡᠯᠡᠳᠦᠨ᠂ ᠪᠡᠷᠬᠡ ᠶᠢ ᠲᠠᠪᠠᠨ ᠬᠦᠴᠢᠷ ᠢ ᠳᠠᠪᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠵᠡᠷᠭᠡᠪᠡᠷ ᠬᠢᠵᠦ᠂ ᠣᠳᠣᠬᠠᠨ ᠳᠤ ᠨᠢᠭᠡᠨᠲᠡ ᠪᠥᠬᠦ ᠪᠠᠷᠢᠯᠭ᠎ᠠ ᠶᠢᠨ ᠬᠡᠮᠵᠢᠶ᠎ᠡ ᠶᠢᠨ 95% ᠠᠴᠠ ᠳᠡᠭᠡᠭᠰᠢᠬᠢ ᠶᠢ ᠪᠡᠶᠡᠯᠡᠭᠦᠯᠦᠭᠰᠡᠨ ᠪᠠᠶᠢᠨ᠎ᠠ᠃     ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠳᠠᠷᠤᠶ ᠲᠦᠷᠭᠡᠨ ᠬᠥᠳᠡᠯᠦᠯᠴᠡᠵᠦ ᠬᠤᠳᠠᠯᠳᠤᠭᠠᠴᠢᠨ ᠤᠷᠢᠬᠤ ᠶᠢ ᠠᠳᠬᠤᠨ᠂ ︽ᠨᠢᠭᠡ ᠦᠢᠯᠡᠰ ᠲᠤ ᠨᠢᠭᠡ ᠠᠷᠭ᠎ᠠ ᠪᠣᠳᠣᠯᠭ᠎ᠠ ᠲᠣᠭᠲᠠᠭᠠᠬᠤ︾ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ︽ᠭᠤᠷᠪᠠᠨ 500 ᠬᠦᠴᠦᠷᠬᠡᠭ︾ ᠠᠵᠤ ᠠᠬᠤᠶᠢᠯᠠᠯ᠂ ᠡᠯ᠎ᠡ ᠲᠥᠷᠥᠯ ᠤᠨ ᠲᠡᠷᠢᠭᠦᠨ ᠤ ᠠᠵᠤ ᠠᠬᠤᠶᠢᠯᠠᠯ᠂ ᠰᠢᠨ ᠷᠦᠢ ᠠᠵᠤ ᠠᠬᠤᠶᠢᠯᠠᠯ ᠪᠠ ︽ᠬᠡᠯᠬᠢᠶᠡᠨ ᠤ ᠡᠵᠡᠨ︾ ︽ᠣᠯᠠᠨ ᠲᠦᠮᠡᠨ ᠤ ᠡᠵᠡᠨ︾ ︽ᠭᠠᠭᠴᠠ ᠡᠪᠡᠷᠲᠦ ᠠᠷᠢᠶᠠᠲᠠᠨ︾ ︽ᠳᠠᠯᠳᠠ ᠮᠠᠩᠯᠠᠶ︾ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢ 800 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠳᠣᠯᠠᠨ᠂ ᠡᠭᠦᠨ ᠳᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢ 600 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠪᠠ᠃     ᠰᠠᠨᠠᠭᠠᠴᠢᠯᠠᠭ᠎ᠠ ᠠᠴᠠ ᠪᠠᠨ ᠠᠵᠤ ᠦᠢᠯᠡᠰ ᠢ ᠠᠳᠬᠤᠵᠤ᠂ ᠬᠤᠪᠣᠷ ᠰᠢᠷᠣᠶ ᠶᠢᠨ ᠠᠵᠤ ᠦᠢᠯᠡᠰ ᠲᠤ ᠨᠢᠩᠪᠦ᠋ᠸᠧ ᠶᠢᠨ ᠶᠦᠨ ᠱᠧᠩ᠂ ᠳ᠋ᠠ ᠳ᠋ᠢ ᠰᠢᠶᠦ᠋ᠩ᠂ ᠺᠧ ᠲᠢᠶᠠᠨ ᠰᠣᠷᠢᠨᠵᠢᠨ ᠤ ᠦᠢᠯᠡᠰ᠂ ᠲᠢᠶᠠᠨ ᠾᠧ ᠰᠣᠷᠢᠨᠵᠢᠨ ᠤ ᠮᠠᠲ᠋ᠧᠷᠢᠶᠠᠯ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠂ 400 ᠳ᠋ᠦᠩᠰᠢᠭᠤᠷ ᠲᠥᠭᠦᠷᠢᠭ ᠠᠴᠠ ᠳᠡᠭᠡᠭᠰᠢ ᠦᠢᠯᠡᠳᠬᠦᠨ ᠤ ᠥᠷᠲᠡᠭ ᠢ ᠪᠡᠶᠡᠯᠭᠦᠯᠪᠠ᠃ ᠰᠢᠨ᠎ᠡ ᠡᠨᠧᠷᠭᠢ ᠶᠢᠨ ᠠᠵᠤ ᠦᠢᠯᠡᠰ ᠲᠤ ᠱᠤᠸᠠᠩ ᠯᠢᠶᠠᠩ ᠬᠤᠶᠠᠳᠤᠭᠠᠷ ᠬᠤᠭᠤᠴᠠᠭ᠎ᠠ᠂ ᠱᠤᠸᠠᠩ ᠯᠢᠶᠠᠩ 20GW ᠬᠡᠷᠡᠯ ᠴᠡᠨᠡᠭ ᠤᠨ ᠰᠡᠯᠪᠢᠭ ᠲᠣᠨᠤᠭ᠂ ᠤᠯᠤᠰ ᠤᠨ ᠴᠠᠬᠢᠯᠭᠠᠨ ᠬᠦᠴᠦᠨ ᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠦᠢᠯᠡᠳᠬᠦᠨ ᠤ ᠥᠷᠲᠡᠭ ᠢ 120 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠲᠡᠷᠢᠭᠦᠨ ᠤ ᠲᠡᠮᠦᠷᠯᠢᠭ ᠮᠠᠲ᠋ᠧᠷᠢᠶᠠᠯ ᠤᠨ ᠠᠵᠤ ᠦᠢᠯᠡᠰ ᠲᠤ ᠬᠤᠸᠠ ᠳ᠋ᠢᠩ ᠤᠨ 10 ᠲᠦᠮᠡᠨ ᠲᠣᠨ ᠴᠠᠬᠢᠯᠭᠠᠨ ᠵᠠᠳᠠᠯᠤᠯ ᠤᠨ ᠵᠡᠰ᠂ ᠡᠩ ᠤᠨ ᠬᠥᠩᠭᠡᠨ ᠴᠠᠭᠠᠨ ᠤ 10 ᠲᠦᠮᠡᠨ ᠲᠣᠨ ᠳᠠᠬᠢᠯᠲᠠ ᠬᠥᠩᠭᠡᠨ ᠴᠠᠭᠠᠨ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠦᠢᠯᠡᠳᠬᠦᠨ ᠤ ᠥᠷᠲᠡᠭ ᠢ 450 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶ᠋ᠯᠡᠭᠦᠯᠵᠠᠢ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠲᠤ ᠳᠤᠮᠳᠠᠳᠤ ᠤᠯᠤᠰ ᠤᠨ ᠮᠠᠰᠢᠨ ᠲᠡᠷᠭᠡᠨ ᠤ ᠴᠠᠬᠢᠯᠭᠠᠨ ᠮᠠᠰᠢᠨ᠂ ᠬᠥᠬᠡ ᠬᠡᠷᠡᠯ ᠤᠨ ᠠᠷᠠᠭᠠᠲᠤ ᠬᠦᠷᠳᠦ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠵᠢᠯᠣᠭᠤᠴᠢ ᠥᠬᠡᠶ ᠤᠶᠤᠨᠲᠤ ᠠᠭᠤᠷᠬᠠᠶ ᠶᠢᠨ ᠲᠡᠷᠭᠡ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠦᠢᠯᠡᠳᠬᠦᠨ ᠤ ᠥᠷᠲᠡᠭ ᠢ 70 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠪᠠ᠃     ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠳᠡᠭᠲᠡᠷ ᠲᠤ ᠭᠠᠷᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠨᠢᠭᠡᠳᠦᠭᠡᠷ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 260.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84.6% ᠨᠡᠮᠡᠭᠳᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号