ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠤᠬᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/23
     5 ᠰᠠᠷ᠎ᠠ ᠶᠢᠨ 12 ᠤᠨ ᠡᠳᠦᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠳ᠋ᠦᠩ ᠸᠧᠨ ᠴᠢᠩ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠤᠬᠠᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠤ ᠲᠤᠰᠬᠠᠶ ᠠᠵᠢᠯ ᠤᠨ ᠠᠯᠪᠠᠨ ᠬᠡᠷ ᠤᠨ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠵᠠᠶ᠃ ᠡᠨᠡ ᠪᠣᠯ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠦᠬᠦ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ ᠤᠨ ᠳᠠᠷᠠᠭᠠᠬᠢ ᠪᠠᠰᠠ ᠨᠢᠭᠡ ᠤᠳᠠᠭ᠎ᠠ ᠶᠢᠨ ᠲᠤᠰᠬᠠᠢ ᠠᠵᠢᠯᠯᠠᠭ᠎ᠠ ᠶᠢᠨ ᠲᠤᠬᠠᠢ ᠲᠠᠬᠢᠨ ᠲᠠᠶᠢᠴᠢᠯᠠᠯᠳᠠ ᠲᠠᠬᠢᠨ ᠪᠠᠶᠢᠷᠢᠯᠠᠭᠤᠯᠤᠯᠲᠠ ᠬᠢᠵᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠪᠣᠳᠠᠲᠠᠢ ᠪᠠᠷ ᠭᠦᠨᠵᠡᠭᠡᠶᠢᠷᠡᠬᠦ ᠶᠢ ᠠᠬᠢᠭᠤᠯᠵᠤ ᠪᠠᠶᠢᠭ᠎ᠠ ᠶᠠᠪᠤᠳᠠᠯ ᠪᠣᠯᠤᠨ᠎ᠠ᠃     ᠬᠤᠷᠠᠯ ᠠᠴᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠤᠬᠠᠭᠤᠯᠬᠤ ᠲᠥᠰᠦᠯ ᠢ ᠰᠤᠳᠤᠯᠤᠨ ᠬᠢᠨᠠᠨ ᠶᠠᠷᠢᠯᠴᠠᠵᠤ᠂ ᠪᠦᠷᠢᠯᠳᠦᠬᠦᠨ ᠨᠢᠭᠡᠴᠡ ᠶᠢᠨ ᠠᠵᠢᠯ ᠤᠨ ᠠᠭᠤᠯᠭ᠎ᠠ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠤ ᠬᠥᠮᠦᠨ ᠵᠢᠴᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠪᠣᠯ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠣᠳᠠᠲᠠᠢ ᠠᠵᠢᠯᠯᠠᠭ᠎ᠠ ᠪᠣᠯᠤᠨ᠎ᠠ᠂ ᠮᠥᠨᠴᠦ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ ᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠵᠤ᠂ ᠠᠮᠤᠷ ᠠᠮᠤᠭᠤᠯᠠᠩ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠲᠠᠢ ᠤᠶᠠᠯᠳᠤᠭᠤᠯᠤᠨ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠤᠰᠬᠠᠶ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠠ᠃     ᠬᠤᠷᠠᠯ ᠠᠴᠠ᠂ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠤ᠂ ᠨᠠᠰᠤᠵᠢᠯ ᠤᠨ ᠮᠡᠬᠡᠯᠡᠯ ᠵᠡᠷᠭᠡ ᠬᠦᠷᠢᠶᠡᠨ ᠳᠤ ᠴᠢᠭᠯᠡᠭᠦᠯᠦᠨ ᠭᠤᠣᠯᠳᠠᠯᠭ᠎ᠠ ᠲᠠᠢ ᠤᠬᠠᠭᠤᠯᠭ᠎ᠠ ᠬᠢᠵᠦ᠂ ᠨᠠᠰᠤᠲᠠᠶᠢᠴᠤᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ  ᠪᠠᠲᠤᠯᠠᠨ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠬᠡᠷᠡᠭ ᠤᠨ ᠰᠦᠪᠡᠭᠴᠢ ᠶᠢ ᠥᠷᠭᠡᠨ ᠢᠶᠠᠷ ᠴᠤᠭᠯᠠᠭᠤᠯᠬᠤ ᠬᠡᠷᠡᠭᠲᠡᠢ᠃ ᠪᠦᠷᠢᠯᠳᠦᠬᠦᠨ ᠨᠢᠭᠡᠴᠡ ᠶᠢᠨ ᠡᠭᠦᠷᠭᠡ ᠴᠢᠳᠠᠪᠬᠢ ᠶᠢ ᠪᠠᠳᠠᠷᠠᠭᠤᠯᠵᠤ᠂ ᠨᠠᠰᠤᠵᠢᠯ ᠤᠨ ᠮᠡᠬᠡᠯᠡᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠣᠨ᠂ ᠤᠨᠢᠨ ᠳᠡᠭᠡᠷ᠎ᠡ ᠨᠢ ᠴᠣᠬᠢᠯᠲᠠ ᠥᠭᠬᠦ ᠶᠢ ᠲᠤᠪᠤᠶᠢᠯᠭᠠᠵᠦ᠂ ᠴᠣᠬᠢᠯᠲᠠ ᠥᠭᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠂ ᠠᠷᠠᠳ ᠤᠯᠠᠨ ᠤ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠠ᠃     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠲᠠᠭᠢᠨ ᠳᠡᠭᠡᠭᠰᠢᠯᠡᠭᠦᠯᠬᠦ ᠬᠡᠷᠡᠭᠳᠡᠢ᠃ ᠰᠢ ᠶᠢᠨ ᠫᠢᠩ ᠶᠡᠷᠦᠩᠬᠡᠶ ᠱᠦᠵᠢ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠨᠠᠰᠤᠲᠠᠶᠢᠴᠤᠳ ᠤᠨ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢ ᠢᠮᠠᠭᠲᠠ ᠰᠡᠳᠬᠢᠯ ᠳᠡᠭᠡᠨ ᠪᠤᠳᠤᠬᠤ ᠬᠡᠷᠡᠭᠲᠡᠶ᠃ ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠪᠠᠨ ᠳᠠᠬᠢᠨ ᠲᠣᠳᠣᠷᠬᠠᠶ ᠪᠣᠯᠭᠠᠬᠤ ᠬᠡᠷᠡᠭᠲᠡᠶ᠃ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠰᠤᠲᠠᠶᠢᠴᠤᠳ ᠢ ᠬᠠᠪᠰᠤᠷᠤᠨ ᠬᠠᠤᠯᠢ ᠪᠠᠷ ᠵᠠᠰᠠᠬᠤ ᠤᠬᠠᠮᠰᠠᠷ ᠪᠣᠯᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ  ᠃ ᠰᠦᠪᠡᠭᠴᠢ ᠶᠢ ᠪᠠᠶᠢᠴᠠᠭᠠᠬᠤ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷ ᠲᠤᠯᠢ ᠪᠣᠯᠭᠠᠵᠤ᠂ ᠤᠯᠠᠨ ᠲᠦᠮᠡᠨ ᠢ ᠲᠠᠶᠢᠴᠢᠯᠠᠨ ᠢᠯᠡᠴᠢᠯᠡᠨ ᠮᠡᠳᠡᠭᠦᠯᠬᠦ ᠪᠠ ᠰᠦᠪᠡᠭᠴᠢ ᠶᠢ ᠪᠠᠶᠢᠴᠠᠭᠠᠨ ᠢᠯᠡᠷᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ  ᠃ ᠭᠤᠷᠪᠠ ᠳᠤ ᠠᠵᠢᠯ ᠤᠨ ᠬᠠᠷᠢᠭᠤᠴᠠᠯᠭ᠎ᠠ ᠶᠢ ᠤᠯᠠᠮ ᠪᠣᠳᠠᠲᠠᠶ ᠳᠤ ᠲᠦᠰᠢᠭᠯᠡᠨ᠎ᠡ᠃ ᠡᠯ᠎ᠡ ᠪᠦᠷᠢᠯᠳᠦᠬᠦᠨ ᠨᠢᠭᠡᠴᠡ ᠨᠦᠭᠦᠳ ᠢᠳᠡᠪᠬᠢᠲᠡᠢ ᠪᠠᠷ ᠬᠠᠮᠵᠢᠯᠴᠠᠨ ᠤᠬᠠᠭᠤᠯᠤᠨ ᠳᠠᠶᠢᠴᠢᠯᠠᠬᠤ᠂ ᠴᠣᠬᠢᠯᠲᠠ ᠥᠭᠴᠦ ᠴᠡᠭᠴᠡᠯᠡᠨ ᠵᠠᠰᠠᠬᠤ᠂ ᠲᠦᠷᠢᠮ ᠲᠣᠭᠲᠠᠭᠠᠯ ᠲᠣᠭᠲᠠᠭᠠᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠤᠰᠬᠠᠢ ᠠᠵᠢᠯᠯᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠡᠳᠬᠢᠯ ᠨᠢᠭᠡᠳᠦᠨ ᠬᠠᠮᠲᠤᠪᠠᠷ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号