ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠦᠶ᠎ᠡ
ᠨᠡᠶᠢᠲᠡᠯᠡᠭᠰᠡᠨ ᠴᠠᠭ᠄
2022/5/8
     ᠦᠨᠡᠨᠴᠢ ᠢᠲᠡᠭᠡᠮᠵᠢ ᠶᠢᠨ ᠦᠵᠡᠯᠲᠡ ᠶᠢ ᠤᠯᠠᠮ ᠨᠢᠭᠡ ᠠᠯᠬᠤᠮ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠤᠬᠠᠮᠰᠠᠷ ᠢ ᠨᠡᠮᠡᠭᠳᠡᠭᠦᠯᠦᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠠᠮᠲᠤ ᠪᠠᠷ ᠦᠢᠯᠡᠳᠦᠯᠭᠡᠵᠢᠭᠦᠯᠦᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠮᠢᠨ ᠰᠢᠨ ᠵᠠᠮ ᠤᠨ ᠵᠡᠭᠡᠯᠢ ᠭᠤᠳᠤᠮᠵᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ     ᠠᠵᠢᠯᠯᠠᠭ᠎ᠠ ᠨᠢ ᠣᠷᠢᠶ᠎ᠠ ᠯᠣᠽᠦ᠋ᠩ ᠬᠥᠨᠳᠡᠯᠡᠨ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠦᠨᠡᠨᠴᠢ ᠢᠲᠡᠭᠡᠮᠵᠢ ᠶᠢᠨ ᠮᠡᠳᠡᠯᠭᠡ ᠶᠢᠨ ᠴᠢᠬᠤᠯᠠ ᠴᠢᠨᠠᠷ ᠢ ᠲᠦᠭᠡᠮᠡᠯᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠢ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠰᠠᠬᠢᠬᠤ ᠶᠢ ᠤᠷᠢᠶᠠᠯᠠᠨ᠂ ᠦᠨᠡᠨᠴᠢ ᠢᠲᠡᠭᠡᠮᠵᠢᠲᠡᠶ ᠠᠷᠠᠳ ᠢᠷᠭᠡᠨ ᠪᠣᠯᠬᠤ  ᠶᠢ ᠣᠬᠠᠭᠤᠯᠵᠠᠢ᠃ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠲᠥᠯᠥᠭᠡ᠂ ᠠᠵᠢᠯᠲᠠᠳ ᠪᠠᠰᠠ ᠡᠷᠬᠢᠨ ᠲᠣᠭᠤᠷᠢᠨ ᠤ ᠬᠤᠳᠠᠯᠳᠤᠭᠠᠴᠢᠨ ᠳᠤ ᠢᠲᠡᠭᠡᠮᠵᠢ ᠶᠢᠨ ᠮᠡᠳᠡᠯᠭᠡ ᠶᠢᠨ ᠤᠬᠠᠭᠤᠯᠭ᠎ᠠ ᠬᠢᠵᠦ᠂ ᠬᠤᠳᠠᠯᠳᠤᠭᠠᠴᠢᠨ ᠢ ᠵᠢᠯᠣᠭᠤᠳᠴᠤ ᠪᠠᠶᠢᠭᠠᠳ ᠪᠣᠯᠪᠠᠰᠤᠨ ᠦᠨᠡᠨᠴᠢ ᠢᠲᠡᠭᠡᠮᠵᠢᠲᠡᠶ ᠪᠠᠷ ᠡᠵᠡᠩᠨᠡᠭᠦᠯᠵᠦ᠂ ᠡᠵᠡᠩᠨᠡᠭᠴᠢᠳ ᠤᠨ ᠦᠨᠡᠨᠴᠢ ᠢᠲᠡᠭᠡᠮᠵᠢ ᠶᠢᠨ ᠤᠬᠠᠮᠰᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠪᠠ ᠡᠵᠡᠩᠨᠡᠯᠲᠡ ᠶᠢᠨ ᠡᠮᠬᠢ ᠳᠢᠭᠯᠢᠮ ᠢ ᠪᠣᠶ ᠪᠣᠯᠭᠠᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ 1 ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠵᠦ᠂ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠵᠤ᠂ 300 ᠭᠠᠷᠤᠶ ᠬᠥᠮᠦᠨ ᠣᠷᠣᠯᠴᠠᠵᠠᠢ᠃     ᠦᠨᠡᠨᠴᠢ ᠢᠲᠡᠭᠡᠮᠵᠢ ᠶᠡᠷᠣ ᠨᠢ ᠵᠣᠭᠰᠣᠰᠢ ᠦᠭᠡᠢ᠂ ᠪᠣᠯᠪᠠᠰᠣᠨ ᠡᠷᠢᠨ ᠨᠡᠩ ᠴᠣ᠋ ᠵᠣᠭᠰᠣᠯ ᠦᠭᠡᠢ᠃ ᠳᠠᠷᠠᠭᠠᠴᠢ ᠶᠢᠨ ᠠᠯᠬᠤᠮ ᠳᠤ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠤᠯᠠᠨ ᠬᠡᠯᠪᠡᠷᠢ ᠶᠢᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠦᠨᠡᠨᠴᠢ ᠢᠲᠡᠭᠡᠮᠵᠢ ᠶᠢᠨ ᠰᠠᠶᠢᠬᠠᠨ ᠰᠤᠷᠲᠠᠯ ᠢ ᠪᠠᠳᠠᠷᠠᠭᠤᠯᠣᠨ᠂ ᠥᠷᠭᠡᠨ ᠤᠯᠠᠨ ᠰᠠᠭᠤᠭᠠᠯᠢ ᠠᠷᠠᠳ ᠤᠨ ᠢᠲᠡᠭᠡᠮᠵᠢ ᠶᠢᠨ ᠤᠬᠠᠮᠰᠠᠷ ᠢ ᠴᠢᠩᠭᠠᠳᠬᠠᠵᠤ᠂ ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ᠂ ᠶᠠᠪᠤᠳᠠᠯ ᠪᠣᠯᠭᠠᠨ ᠳᠤ ᠦᠨᠡᠨᠴᠢ ᠢᠲᠡᠭᠡᠮᠵᠢ ᠶᠢ ᠡᠷᠬᠢᠮᠯᠡᠬᠦ᠂ ᠭᠠᠵᠠᠷ ᠪᠣᠯᠭᠠᠨ ᠳᠤ ᠦᠨᠡᠨᠴᠢ ᠢᠲᠡᠭᠡᠮᠵᠢ ᠶᠢ ᠡᠷᠬᠢᠮᠯᠡᠬᠦ ᠪᠣᠯᠪᠠᠰᠤᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ  ᠰᠢᠰᠲ᠋ᠧᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号