ᠪᠦᠭᠦᠨ ᠢ ᠡᠳᠡᠭᠡᠷᠡᠭᠦᠯᠪᠠ︕ ᠪᠤᠭᠤᠲᠤ ᠬᠤᠲᠠ ᠶᠢᠨ ᠰᠢᠨ᠎ᠡ ᠲᠢᠳᠢᠮᠯᠢᠭ  ᠸᠢᠷᠦ᠋ᠰ ᠤᠨ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ 3 ᠡᠪᠡᠳᠴᠢᠨ ᠤ ᠵᠢᠱᠢᠶ᠎ᠡ ᠴᠥᠮ ᠡᠳᠡᠭᠡᠷᠡᠵᠦ ᠡᠮᠨᠡᠯᠭᠡ ᠠᠴᠠ ᠭᠠᠷᠪᠠ
ᠨᠡᠶᠢᠲᠡᠯᠡᠭᠰᠡᠨ ᠴᠠᠭ᠄
2022/5/8
    2022 ᠣᠨ ᠤ 5 ᠰᠠᠷ᠎ᠠ ᠶᠢᠨ 4 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠠᠮᠲᠤᠷᠠᠨ ᠣᠨᠣᠰᠢᠯᠠᠭᠰᠠᠨ ᠢᠶᠠᠷ᠂ ᠪᠤᠭᠤᠲᠤ ᠬᠤᠲᠠ ᠶᠢᠨ ᠰᠢᠨ᠎ᠡ ᠲᠢᠳᠢᠮᠯᠢᠭ  ᠸᠢᠷᠦ᠋ᠰ ᠤᠨ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ 3 ᠡᠪᠡᠳᠴᠢᠨ ᠤ ᠵᠢᠱᠢᠶ᠎ᠡ ᠪᠦᠬᠦᠨ ᠢᠶᠠᠷ ᠢᠶᠠᠨ ᠡᠮᠨᠡᠯᠭᠡ ᠠᠴᠠ ᠭᠠᠷᠪᠠ᠂ ᠡᠨᠡ ᠨᠢ ᠪᠤᠭᠤᠲᠤ ᠬᠤᠲᠠ ᠶᠢᠨ ᠰᠢᠨ᠎ᠡ ᠲᠢᠳᠢᠮᠯᠢᠭ  ᠸᠢᠷᠦ᠋ᠰ ᠤᠨ ᠠᠭᠤᠰᠬᠢᠨ ᠦᠷᠪᠢᠰᠦᠯ ᠣᠨᠣᠰᠢᠯᠠᠭᠰᠠᠨ ᠡᠪᠡᠳᠴᠢᠨ ᠤ ᠵᠢᠱᠢᠶ᠎ᠡ ︽ᠲᠡᠭ ᠪᠣᠯᠤᠭᠰᠠᠨ︾ ᠢ ᠬᠠᠷᠠᠭᠤᠯᠵᠤ ᠪᠠᠶᠢᠨ᠎ᠠ᠃     2022 ᠣᠨ ᠤ 4 ᠰᠠᠷ᠎ᠠ ᠶᠢᠨ 25 ᠤ ᠡᠳᠦᠷ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠤ ᠦᠷᠪᠢᠰᠦᠯ ᠢᠶᠠᠷ ᠣᠨᠣᠰᠢᠯᠠᠭᠰᠠᠨ 3 ᠡᠪᠡᠳᠴᠢᠨ ᠤ ᠵᠢᠱᠢᠶ᠎ᠡ ᠶᠢᠨ ᠳᠣᠲᠣᠷ᠎ᠠ ᠡᠩ ᠤᠨ ᠬᠡᠯᠪᠡᠷᠢ ᠶᠢᠨ 2᠂ ᠬᠥᠩᠭᠡᠨ ᠬᠡᠯᠪᠡᠷᠢ ᠶᠢᠨ 1 ᠪᠣᠶ᠂ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠳᠤ 10 ᠡᠳᠦᠷ ᠡᠮᠨᠡᠨ ᠵᠠᠰᠠᠵᠠᠶ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠪᠣᠯᠤᠨ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠡᠮᠴᠢ ᠰᠤᠪᠢᠯᠠᠭᠴᠢ ᠶᠢᠨ ᠨᠠᠷᠢᠨ ᠨᠢᠮᠪᠠᠶ ᠡᠮᠨᠡᠨ ᠵᠠᠰᠠᠯᠲᠠ ᠪᠠᠷ ᠳᠡᠮᠵᠢᠨ᠂ ᠡᠪᠡᠳᠴᠢᠨ ᠤ ᠪᠠᠶᠢᠳᠠᠯ ᠨᠢ ᠢᠯᠡᠳᠲᠡ ᠰᠠᠶᠢᠵᠢᠷᠠᠵᠤ᠂ ᠵᠠᠶ ᠨᠢ 24 ᠴᠠᠭ ᠠᠴᠠ ᠶᠡᠭᠡ ᠪᠣᠯᠣᠭᠰᠠᠨ ᠵᠠᠯᠭᠠᠭᠠᠪᠠᠷ 2 ᠤᠳᠠᠭ᠎ᠠ ᠬᠠᠮᠠᠷ᠂ ᠵᠠᠯᠭᠢᠭᠤᠷ ᠤᠨ ᠵᠦᠯᠭᠦᠭᠦᠷ ᠪᠥᠭᠡᠮ ᠬᠦᠴᠢᠯ ᠤᠨ ᠪᠠᠶᠢᠴᠠᠭᠠᠯᠲᠠ ᠨᠢ ᠴᠥᠮ ᠪᠢᠯᠢᠭ ᠴᠢᠨᠠᠷᠲᠠᠶ ᠪᠣᠯᠵᠠᠶ᠃ 5 ᠳ᠋ᠤᠭᠠᠷ ᠰᠠᠷ᠎ᠠ ᠶᠢᠨ 4 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠣᠰᠢᠯᠠᠭᠰᠠᠨ ᠢᠶᠠᠷ᠂ 3 ᠡᠪᠡᠳᠴᠢᠲᠡᠨ ᠴᠥᠮ ᠡᠮᠨᠡᠯᠭᠡ ᠠᠴᠠ ᠭᠠᠷᠬᠤ ᠪᠠᠷᠢᠮᠵᠢᠶ᠎ᠠ ᠳᠤ ᠨᠡᠶᠢᠴᠡᠭᠰᠡᠨ ᠪᠣᠯᠬᠤᠷ ᠡᠮᠨᠡᠯᠭᠡ ᠠᠴᠠ ᠭᠠᠷᠴᠤ ᠪᠣᠯᠤᠨ᠎ᠠ ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠳᠤ ᠬᠠᠮᠵᠢᠯᠴᠠᠬᠤ ᠶᠢᠨ ᠲᠤᠰᠠᠳᠠ ᠡᠮᠨᠡᠯᠭᠡ ᠠᠴᠠ ᠭᠠᠷᠤᠭᠰᠠᠨ ᠡᠪᠡᠳᠴᠢᠲᠡᠨ ᠢ 14 ᠤ ᠡᠳᠦᠷ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠬᠤ ᠪᠥᠭᠡᠳ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠪᠠᠶᠢᠴᠠᠭᠠᠬᠤ ᠪᠠ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠣᠭᠤᠳᠬᠤ ᠠᠵᠢᠯ ᠢ ᠰᠠᠶᠢᠲᠤᠷ ᠬᠢᠬᠦ ᠪᠣᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号