ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠰᠥᠨᠢ ᠶᠢᠨ ᠰᠢᠷᠠᠯᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2022/6/28
    ᠰᠥᠨᠢ ᠶᠢᠨ ᠰᠢᠷᠠᠯᠠᠭᠠ ᠠᠴᠠ ᠪᠣᠯᠤᠭᠰᠠᠨ ᠵᠠᠮ ᠡᠵᠡᠯᠡᠬᠦ ᠡᠵᠡᠩᠨᠡᠯᠲᠡ᠂ ᠲᠣᠰᠣᠨ ᠣᠲᠣᠭᠠᠨ ᠤ ᠪᠣᠬᠢᠷᠲᠤᠯ ᠵᠡᠷᠭᠡ ᠠᠰᠠᠭᠤᠳᠠᠯ ᠨᠢ ᠨᠢᠭᠡᠨᠲᠡ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ ᠪᠠ ᠬᠦᠴᠢᠷ ᠠᠰᠠᠭᠤᠳᠠᠯ ᠪᠣᠯᠤᠭᠰᠠᠨ ᠪᠠᠶᠢᠨ᠎ᠠ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠠᠭᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠳᠥᠯᠭᠢᠨ ᠠᠬᠢᠭᠤᠯᠬᠤ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠥᠨᠢ ᠶᠢᠨ ᠰᠢᠷᠠᠯᠭ᠎ᠠ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠴᠡᠪᠡᠷ ᠲᠡᠭᠰᠢ᠂ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃    ᠰᠥᠨᠢ ᠶᠢᠨ ᠰᠢᠷᠠᠯᠠᠭᠠ ᠢ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠷᠢᠶᠠᠲᠤ ᠣᠷᠣᠨ ᠤ ᠳᠣᠲᠣᠷᠠᠬᠢ ᠰᠢᠷᠠᠯᠠᠭᠠ ᠶᠢᠨ ᠳᠡᠯᠭᠡᠴᠡ ᠶᠢᠨ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠬᠠᠮᠲᠤ᠂ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠶ ᠠᠵᠢᠯ ᠤᠨ ᠠᠷᠭ᠎ᠠ ᠬᠡᠮᠵᠢᠶ᠎ᠡ ᠶᠢ ᠪᠣᠶ ᠪᠣᠯᠭᠠᠪᠠ᠃ ᠨᠢᠭᠡ ᠳᠤ᠂ ᠡᠷᠦᠬᠡ ᠳᠠᠷᠠᠭᠠᠯᠠᠨ ᠤᠬᠠᠭᠤᠯᠬᠤ᠂ ︽ᠬᠤᠭ ᠨᠣᠪᠰᠢ ᠶᠢ ᠭᠠᠵᠠᠷ ᠲᠤ ᠬᠠᠶᠠᠬᠤ ᠦᠭᠡᠢ᠂ ᠪᠣᠯᠪᠠᠰᠤᠨ ᠢᠶᠠᠷ ᠨᠠᠷᠢᠨ ᠵᠦᠢᠯᠡᠰ ᠠᠴᠠ ᠡᠬᠢᠯᠡᠵᠦ ᠬᠢᠬᠦ︾ ᠤᠬᠠᠭᠤᠯᠭ᠎ᠠ ᠶᠢᠨ ᠫᠠᠶᠢᠰᠠ ᠲᠠᠷᠬᠠᠭᠠᠬᠤ᠂ ᠰᠢᠷᠠᠯᠠᠭᠠ ᠤ ᠡᠵᠡᠩᠨᠡᠯᠲᠡ ᠶᠢᠨ ᠥᠮᠴᠢᠲᠡᠨ ᠤ ᠶᠠᠷᠢᠯᠴᠠᠬᠤ ᠬᠤᠷᠠᠯ ᠬᠤᠷᠠᠯᠳᠤᠭᠤᠯᠵᠤ ᠲᠥᠪᠯᠡᠷᠡᠭᠦᠯᠦᠨ ᠤᠬᠠᠭᠤᠯᠬᠤ ᠵᠡᠷᠭᠡ ᠬᠡᠯᠪᠡᠷᠢ ᠶᠢ ᠠᠪᠴᠤ᠂ ᠡᠵᠡᠩᠨᠡᠭᠴᠢᠳ ᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠥᠭᠡᠳ ᠨᠠᠷᠢᠨ ᠨᠢᠮᠪᠠᠶ ᠤᠬᠠᠭᠤᠯᠵᠤ᠂ ᠲᠣᠰᠣᠨ ᠣᠲᠤᠭ᠎ᠠ ᠭᠠᠳᠠᠭᠰᠢᠯᠠᠭᠤᠯᠵᠤ ᠪᠠᠶᠢᠭ᠎ᠠ ᠰᠢᠷᠠᠯᠠᠭᠠ ᠶᠢᠨ ᠳᠡᠯᠭᠡᠭᠦᠷ ᠤᠨ ᠡᠵᠡᠩᠨᠡᠭᠴᠢᠳ ᠢ ᠡᠷᠬᠡᠪᠰᠢ ᠲᠣᠰᠣᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠪᠠᠨ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠵᠤ ᠴᠡᠪᠡᠷᠯᠡᠬᠦ ᠶᠢᠨ ᠬᠠᠮᠲᠤ ᠬᠡᠪ ᠤᠨ ᠬᠡᠷᠡᠭᠯᠡᠭᠡ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ ᠬᠠᠷᠢᠶ᠎ᠠ ᠣᠷᠣᠨ ᠤ ᠳᠣᠲᠣᠷᠠᠬᠢ ᠡᠯ᠎ᠡ ᠰᠢᠷᠠᠯᠭ᠎ᠠ ᠶᠢᠨ ᠴᠡᠭ ᠲᠤ ᠡᠷᠭᠢᠯᠲᠡ ᠶᠢᠨ ᠮᠠᠶ᠋ᠢᠭ ᠤᠨ ᠥᠨᠳᠥᠷ ᠳᠠᠪᠲᠠᠮᠵᠢ ᠶᠢᠨ ᠲᠣᠭᠤᠷᠢᠨ ᠴᠠᠭᠳᠠᠯᠲᠠ ᠬᠢᠬᠦ ᠶᠢᠨ ᠬᠠᠮᠲᠤ ᠰᠢᠷᠠᠯᠭ᠎ᠠ ᠠᠷᠠᠳ ᠢ ᠦᠢᠮᠡᠭᠦᠯᠦᠭᠰᠡᠨ ᠠᠰᠠᠭᠤᠳᠠᠯ ᠤᠨ ᠢᠯᠡᠴᠢᠯᠡᠨ ᠮᠡᠳᠡᠭᠦᠯᠬᠦ ᠨᠣᠷᠮ᠎ᠠ ᠶᠢᠨ ᠥᠨᠳᠥᠷ ᠴᠡᠭ ᠤᠨ ᠪᠠᠶᠢᠷᠢ ᠵᠢᠴᠢ ᠵᠠᠮ ᠤᠨ ᠬᠡᠰᠡᠭ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠡᠭᠦᠷᠭᠡ ᠳᠤ ᠣᠷᠣᠭᠤᠯᠵᠤ᠂ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢ ᠪᠡᠶᠡᠯᠡᠭᠦᠯᠪᠠ᠃     ᠲᠠᠷᠠᠭᠠᠴᠢ ᠪᠠᠷ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠥᠨᠢ ᠶᠢᠨ ᠰᠢᠷᠠᠯᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠪᠰᠢᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠶᠣᠰᠣᠭᠠᠷ ︽ᠬᠥᠮᠦᠨ ᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾  ᠵᠠᠷᠴᠢᠮ ᠢᠶᠠᠷ᠂ ᠴᠢᠬᠤᠯᠠ ᠵᠠᠮ ᠤᠨ ᠬᠡᠰᠡᠭ ᠤᠨ ᠵᠡᠭᠡᠯᠢ ᠳᠠᠭᠠᠤ ᠶᠢᠨ ᠰᠢᠷᠠᠯᠭ᠎ᠠ ᠶᠢᠨ ᠳᠡᠯᠭᠡᠴᠡ ᠳᠤ ᠲᠠᠰᠤᠷᠠᠯᠲᠠ ᠥᠬᠡᠶ ᠲᠣᠭᠤᠷᠢᠨ ᠪᠠᠶᠢᠴᠠᠭᠠᠯᠲᠠ᠂ ᠵᠠᠶ ᠵᠠᠪᠰᠠᠷ ᠥᠬᠡᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号