ᠲᠦᠷᠦᠭᠦᠤ 5 ᠰᠠᠷ᠎ᠠ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠷᠪᠠᠨ ᠲᠣᠮᠣ ᠭᠤᠤᠯᠯᠠᠬᠤ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 36% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/6/28
       5 ᠰᠠᠷ᠎ᠠ ᠶᠢᠨ ᠰᠡᠭᠦᠯᠴᠢ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠭᠤᠷᠪᠠᠨ ᠲᠣᠮᠣ ᠭᠤᠤᠯᠯᠠᠬᠤ ᠠᠵᠤ ᠦᠢᠯᠡᠰ ᠤᠨ ᠠᠵᠤ ᠠᠬᠤᠶᠢᠯᠠᠯ 67 ᠪᠠᠶᠢᠵᠤ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠨ ᠤ 67% ᠶᠢ ᠡᠵᠡᠯᠡᠪᠡ᠃ ᠲᠦᠷᠦᠭᠦᠤ 5 ᠰᠠᠷ᠎ᠠ ᠳᠤ ᠭᠤᠷᠪᠠᠨ ᠲᠣᠮᠣ ᠭᠤᠤᠯᠯᠠᠬᠤ ᠠᠵᠤ ᠦᠢᠯᠡᠰ ᠤᠨ ᠪᠡᠶᠡᠯᠡᠭᠦᠯᠦᠭᠰᠡᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 36% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 84.7% ᠶᠢ ᠡᠵᠡᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ 3.6 ᠪᠠᠷ ᠥᠨᠳᠥᠷ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 28.1 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 46.8% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 74.4% ᠪᠠᠷ ᠨᠡᠮᠡᠭᠳᠡᠨ᠂ 19.6 ᠵᠠᠭᠤᠨ ᠤ ᠨᠢᠭᠡᠴᠢ ᠨᠡᠮᠡᠭᠳᠡᠯ ᠢ ᠳᠠᠶᠢᠴᠢᠯᠠᠪᠠ  ᠃ ᠬᠦᠩᠭᠡᠨᠴᠠᠭᠠᠨ ᠵᠡᠰ ᠤᠨ ᠠᠵᠤ ᠦᠢᠯᠡᠰ ᠤᠨ ᠨᠡᠮᠡᠭᠳᠡᠯ ᠥᠷᠲᠡᠭ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 32.4% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠨ᠂ 4.2 ᠵᠠᠭᠤᠨ ᠤ ᠨᠢᠭᠡᠴᠢ ᠨᠡᠮᠡᠭᠳᠡᠯ ᠢ ᠳᠠᠶᠢᠴᠢᠯᠠᠪᠠ  ᠃ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 5.5% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 103.1% ᠪᠠᠷ ᠨᠡᠮᠡᠭᠳᠡᠨ᠂ 4.3 ᠵᠠᠭᠤᠨ ᠤ ᠨᠢᠭᠡᠴᠢ ᠨᠡᠮᠡᠭᠳᠡᠯ ᠢ ᠳᠠᠶᠢᠴᠢᠯᠠᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号