ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶᠠᠨ ᠤ ᠺᠠᠳ᠋ᠷ ᠴᠠᠭᠳᠠᠭ᠎ᠠ | ᠨᠠᠷ ᠨᠠᠰᠤᠵᠢᠯ ᠤᠨ ᠮᠡᠬᠡᠯᠡᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠬᠤᠶ ᠪᠠᠶᠢᠳᠠᠯ᠂ | ᠪᠣᠳᠠᠲᠠᠶ ᠬᠡᠷᠡᠭᠴᠡᠭᠡ᠂ ᠬᠠᠮᠢᠶ᠎ᠠ ᠪᠥᠬᠦᠶ ᠬᠡᠷᠡᠭ ᠤᠨ ᠵᠢᠱᠢᠶ᠎ᠡ᠂ ᠴᠣᠬᠢᠯᠲᠠ ᠥᠭᠬᠦ ᠭᠤᠤᠯᠳᠠᠯᠭ᠎ᠠ ᠪᠠ ᠴᠣᠬᠢᠯᠲᠠ | ᠥᠭᠬᠦ ᠬᠡᠪᠴᠢᠶ᠎ᠡ ᠵᠡᠷᠭᠡ ᠲᠠᠢ ᠨᠢᠭᠲᠠ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ︽ | ᠨᠠᠰᠤᠵᠢᠯ ᠤᠨ ᠮᠡᠬᠡᠯᠡᠯ ᠤᠨ ᠠᠵᠢᠯᠯᠠᠭ᠎ᠠ︾ ᠶᠢᠨ ᠬᠡᠷᠡᠭᠯᠡᠵᠦ ᠳᠠᠳᠤᠭᠰᠠᠨ ᠠᠷᠭ᠎ᠠ ᠪᠠᠰᠢᠷ ᠢ ᠲᠠᠶᠢᠯᠪᠤᠷᠢᠯᠠᠨ ᠥᠭᠴᠡᠶ᠂ | ᠵᠢᠱᠢᠶᠡᠯᠡᠪᠡᠯ ᠦᠷᠭᠦᠯᠵᠢ ᠲᠣᠬᠢᠶᠠᠯᠳᠤᠳᠠᠭ ︽ᠰᠦᠢᠳᠬᠡᠯ ᠬᠤᠷᠢᠶᠠᠬᠤ ᠥᠬᠡᠶ ᠪᠠᠷ ᠲᠤᠷᠰᠢᠨ ᠢᠳᠡᠵᠦ ᠲᠤᠷᠰᠢᠨ | ᠬᠡᠷᠡᠭᠯᠡᠬᠦ ᠲᠣᠪᠴᠢᠶ᠎ᠠ︾ ︽ᠪᠡᠶ᠎ᠡ ᠰᠤᠪᠢᠯᠠᠵᠤ ᠬᠤᠤᠷ ᠭᠠᠳᠠᠭᠰᠢᠯᠠᠭᠤᠯᠬᠤ ᠲᠣᠪᠴᠢᠶ᠎ᠠ︾ ︽ᠰᠦᠢᠳᠬᠡᠯ ᠬᠤᠷᠢᠶᠠᠬᠤ | ᠥᠬᠡᠶ ᠪᠠᠷ ᠵᠢᠭᠤᠯᠴᠢᠯᠠᠬᠤ ᠲᠣᠪᠴᠢᠶ᠎ᠠ︾ ᠵᠡᠷᠭᠡ ᠮᠡᠬᠡᠯᠡᠯ ᠪᠠ ᠢᠯᠭᠠᠨ ᠲᠠᠨᠢᠵᠤ ᠰᠡᠷᠭᠡᠶᠢᠯᠡᠬᠦ ᠤᠷ᠎ᠠ ᠮᠡᠷᠭᠡᠵᠢᠯ ᠢ | ᠲᠠᠶᠢᠯᠪᠤᠷᠢᠯᠠᠨ ᠥᠭᠴᠡᠶ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠣᠷᠢᠶ᠎ᠠ ᠯᠣᠽᠦᠩ ᠡᠯᠭᠦᠭᠦ᠂ ᠳᠡᠯᠭᠡᠨ | ᠦᠵᠡᠭᠦᠯᠬᠦ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠥᠷᠭᠡᠨ ᠣᠯᠠᠨ ᠨᠠᠰᠤᠲᠠᠶᠢᠴᠤᠳ ᠲᠤ ᠬᠤᠪᠢ ᠬᠥᠮᠦᠨ ᠤ ᠨᠢᠭᠤᠴᠠ ᠪᠠᠨ ᠦᠨᠡᠨ ᠬᠦ ᠰᠠᠶᠢᠲᠤᠷ | ᠬᠠᠮᠠᠭᠠᠯᠠᠬᠤ ᠶᠢ ᠰᠠᠨᠠᠭᠤᠯᠵᠤ᠂ ᠲᠠᠨᠢᠯ ᠪᠤᠰᠤ ᠣᠬᠤᠷ ᠮᠡᠳᠡᠭᠡ᠂ ᠲᠠᠨᠢᠯ ᠪᠤᠰᠤ ᠤᠲᠠᠰᠤ ᠢᠷᠡᠬᠦ ᠶᠢ ᠰᠡᠷᠡᠮᠵᠢᠯᠡᠵᠦ᠂ | ᠲᠠᠨᠢᠯ ᠪᠤᠰᠤ ᠬᠥᠮᠦᠨ ᠤ ᠤᠷᠠᠨ ᠦᠭᠡ ᠶᠢ ᠠᠮᠠᠷᠬᠠᠨ ᠢᠲᠡᠭᠡᠵᠦ ᠪᠣᠯᠬᠤ ᠥᠬᠡᠶ ᠶᠢ ᠰᠠᠨᠠᠭᠤᠯᠵᠠᠢ᠃ ᠬᠡᠷᠪᠡ | ᠰᠡᠵᠢᠭᠯᠡᠯᠲᠡᠶ ᠬᠥᠮᠦᠨ ᠲᠣᠬᠢᠶᠠᠯᠳᠤᠪᠠᠯ ᠰᠡᠷᠭᠡᠶᠢᠯᠡᠯᠲᠡ ᠪᠠᠨ ᠴᠢᠩᠭᠠᠳᠬᠠᠬᠤ ᠶᠢᠨ ᠬᠠᠮᠲᠤ ᠴᠠᠭ ᠲᠤᠬᠠᠶ ᠳᠤᠨᠢ | ᠴᠠᠭᠳᠠᠭ᠎ᠠ ᠳᠤ ᠮᠡᠳᠡᠭᠦᠯᠬᠦ᠂ ︽ᠪᠠᠭ᠎ᠠ ᠬᠤᠨᠵᠢᠶ᠎ᠠ ᠤᠯᠬᠤ︾ ︽ᠪᠠᠭ᠎ᠠ ᠪᠠᠷ ᠶᠡᠭᠡ ᠶᠢ ᠥᠷᠭᠡᠳᠬᠡᠬᠦ︾ | ᠭᠤᠷᠢᠳᠠᠯᠭ᠎ᠠ ᠲᠠᠢ ᠪᠠᠶᠢᠵᠤ ᠪᠣᠯᠬᠤ ᠥᠬᠡᠶ᠂ ︽ᠱᠠᠮᠰᠢᠬᠤ ᠥᠬᠡᠶ᠂ ᠥᠭᠬᠦ ᠥᠬᠡᠶ ᠪᠣᠯ ᠮᠡᠬᠡᠨ ᠳᠤ ᠣᠷᠣᠬᠤ ᠥᠬᠡᠶ︾ | ᠭᠡᠳᠡᠭ ᠢ ᠪᠠᠲᠤ ᠴᠡᠭᠡᠵᠢᠯᠡᠬᠦ ᠬᠡᠷᠡᠭᠲᠡᠶ᠃ ᠡᠭᠦᠨ ᠠᠴᠠ ᠭᠠᠳᠠᠨ᠎ᠠ᠂ ᠨᠡᠶᠢᠭᠡᠮ ᠣᠷᠣᠨ ᠤ ᠵᠠᠯᠠᠭᠤᠴᠤᠳ ᠵᠢᠴᠢ ᠵᠡᠭᠡᠯᠢ | ᠭᠤᠳᠤᠮᠵᠢ ᠶᠢᠨ ᠠᠵᠢᠯᠲᠠᠳ ᠲᠤ ᠬᠠᠯᠠᠭᠤᠨ ᠳᠣᠲᠣᠨᠣ ᠰᠠᠨᠠᠭᠤᠯᠭ᠎ᠠ ᠳᠤᠷᠠᠳᠴᠤ᠂ ᠦᠷ᠎ᠡ ᠬᠡᠤᠬᠡᠳ ᠪᠣᠯᠤᠭᠰᠠᠨ ᠤ | ᠬᠤᠪᠢ ᠳᠤ ᠡᠴᠢᠭᠡ ᠡᠬᠡ ᠲᠠᠢ ᠪᠠᠨ ᠢᠯᠡᠭᠦᠬᠡᠨ ᠬᠠᠷᠢᠯᠴᠠᠵᠤ᠂ ᠨᠠᠰᠤᠲᠠᠶᠢᠴᠤᠳ ᠲᠤ ᠨᠠᠩ ᠣᠯᠠᠨ ᠬᠠᠶᠢᠷ᠎ᠠ ᠬᠠᠯᠠᠮᠵᠢ | ᠪᠠ ᠬᠠᠷᠠᠭᠠᠯᠵᠠᠯ ᠦᠵᠡᠭᠦᠯᠵᠦ᠂ ᠮᠡᠬᠡᠯᠡᠭᠴᠢ ᠨᠠᠰᠤᠲᠠᠶᠢᠴᠤᠳ ᠢᠶᠠᠨ ᠬᠠᠯᠠᠮᠵᠢᠯᠠᠬᠤ ᠬᠠᠯᠬᠠᠪᠴᠢ ᠪᠠᠷ᠂ ᠡᠶᠡᠯᠳᠡᠭ | ᠵᠥᠭᠡᠯᠡᠨ ᠵᠠᠩᠴᠢ ᠨᠥᠮᠥᠷᠴᠦ᠂ ᠨᠠᠰᠤᠲᠠᠶᠢᠴᠤᠳ ᠤᠨ ᠢᠲᠡᠭᠡᠯ ᠢ ᠣᠯᠤᠭᠰᠠᠨ ᠤ ᠳᠠᠷᠠᠭ᠎ᠠ ᠮᠡᠬᠡᠯᠡᠯ ᠶᠠᠪᠤᠭᠤᠯᠵᠤ᠂ | ᠨᠠᠰᠤᠲᠠᠶᠢᠴᠤᠳ ᠤᠨ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ | ᠭᠡᠵᠡᠶ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠰᠤᠵᠢᠯ ᠤᠨ ᠮᠡᠬᠡᠯᠡᠯ ᠢ ᠰᠡᠷᠭᠡᠶᠢᠯᠡᠬᠦ | ᠨᠡᠶᠢᠭᠡᠮ ᠤᠨ ᠲᠠᠯ᠎ᠠ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠨᠠᠰᠤᠲᠠᠶᠢᠴᠤᠳ ᠲᠤ ᠨᠠᠰᠤᠵᠢᠯ ᠤᠨ ᠮᠡᠬᠡᠯᠡᠯ ᠤᠨ ᠳᠠᠪᠬᠤᠷ ᠳᠠᠪᠬᠤᠷ ᠥᠩᠭᠡᠨ ᠲᠠᠯ᠎ᠠ ᠶᠢ ᠨᠡᠭᠡᠭᠡᠨ ᠥᠭᠴᠦ᠂ | ᠮᠡᠬᠡᠯᠡᠭᠴᠢ ᠶᠢᠨ ᠬᠡᠷᠡᠭᠯᠡᠵᠦ ᠳᠠᠳᠤᠭᠰᠠᠨ ᠠᠷᠭ᠎ᠠ ᠪᠠᠰᠢᠷ᠂ ᠠᠷᠭ᠎ᠠ ᠮᠡᠭᠡ ᠶᠢ ᠣᠯᠠᠨ ᠲᠦᠮᠡᠨ ᠳᠤ ᠨᠡᠶᠢᠲᠡᠯᠡᠵᠦ᠂ | ᠨᠠᠰᠤᠲᠠᠶᠢᠴᠤᠳ ᠤᠨ ᠰᠡᠷᠭᠡᠶᠢᠯᠡᠬᠦ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠨᠠᠰᠤᠲᠠᠶᠢᠴᠤᠳ ᠤᠨ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠪᠠ᠃ |