ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠫᠠᠶᠢᠰᠠ ᠡᠯᠭᠦᠬᠦ ᠠᠵᠢᠯ ᠢ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/6/8
     ᠴᠠᠬᠢᠯᠭᠠᠨ ᠬᠥᠳᠡᠯᠭᠡᠭᠦᠷᠲᠦ ᠲᠡᠷᠭᠡᠨ ᠳᠤ ᠫᠠᠶᠢᠰᠠ ᠡᠯᠭᠦᠬᠦ  ᠠᠵᠢᠯ ᠨᠢ ᠵᠠᠮ ᠬᠠᠷᠢᠯᠴᠠᠭᠠᠨ ᠤ ᠡᠮᠬᠢ ᠵᠢᠷᠤᠮ ᠤᠨ ᠵᠢᠷᠤᠮᠵᠢᠯ ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ 5 ᠰᠠᠷ᠎ᠠ ᠶᠢᠨ 19 ᠤ ᠡᠳᠦᠷ ᠠᠴᠠ ᠡᠬᠢᠯᠡᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠫᠠᠶᠢᠰᠠ ᠡᠯᠭᠦᠬᠦ  ᠠᠵᠢᠯ ᠢ ᠥᠷᠨᠢᠭᠦᠯᠦᠭᠰᠡᠨ ᠠᠴᠠ ᠨᠠᠰᠢ᠂ ᠣᠷᠣᠨ ᠤ ᠬᠤᠳᠠ ᠴᠣᠭᠴᠠᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠ ᠨᠡᠪᠲᠡᠷᠡᠯᠴᠡᠨ ᠵᠣᠬᠢᠴᠠᠭᠤᠯᠬᠤ ᠠᠵᠢᠯ ᠤᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠪᠣᠳᠠᠲᠠᠢ ᠲᠠᠢ ᠪᠠᠨ ᠤᠶᠠᠯᠳᠤᠭᠤᠯᠵᠤ᠂ ᠠᠷᠭ᠎ᠠ ᠶᠢᠨ ᠰᠢᠨ᠎ᠡ ᠶᠢ ᠡᠭᠦᠳᠦᠨ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠫᠠᠶᠢᠰᠠ ᠡᠯᠭᠦᠬᠦ ᠦᠢᠯᠡᠴᠢᠯᠡᠭᠡᠨ ᠤ ᠠᠵᠢᠯ ᠢ ᠪᠣᠳᠠᠲᠠᠢ ᠬᠦᠢᠴᠡᠳᠭᠡᠨ᠂ ᠰᠠᠶᠢᠲᠤᠷ ᠡᠷᠬᠢᠯᠡᠵᠦ᠂ ᠫᠠᠶᠢᠰᠠ ᠡᠯᠭᠦᠬᠦ ᠠᠵᠢᠯ ᠢ ᠲᠦᠷᠭᠡᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠠᠢ᠃     ᠣᠯᠠᠨ ᠲᠠᠯ᠎ᠠ ᠪᠠᠷ ᠵᠣᠬᠢᠴᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠴᠣᠭᠴᠠᠯᠠᠬᠤ ᠵᠢᠯᠣᠭᠤᠳᠬᠤ ᠭᠠᠵᠠᠷ ᠤᠷᠢᠳ ᠬᠤᠵᠢᠳ ᠴᠠᠬᠢᠯᠭᠠᠨ ᠬᠥᠳᠡᠯᠭᠡᠭᠦᠷᠲᠦ ᠲᠡᠷᠭᠡ ᠶᠢ ᠰᠦᠢᠳᠬᠡᠯ ᠬᠤᠷᠢᠶᠠᠬᠤ ᠥᠬᠡᠶ ᠪᠠᠷ ᠫᠠᠶᠢᠰᠠ ᠡᠯᠭᠦᠬᠦ ᠠᠵᠢᠯ ᠤᠨ ᠲᠤᠰᠬᠠᠶ ᠪᠠᠶᠢᠷᠢᠯᠠᠭᠤᠯᠤᠯᠲᠠ ᠶᠢᠨ ᠬᠤᠷᠠᠯ᠂ ︽ᠨᠢᠭᠡ ᠬᠡᠷᠡᠭ ᠢ ᠨᠢᠭᠡ ᠵᠥᠪᠯᠡᠬᠦ︾ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠦᠢᠳᠬᠡᠯ ᠬᠤᠷᠢᠶᠠᠬᠤ ᠥᠬᠡᠶ ᠪᠠᠷ ᠫᠠᠶᠢᠰᠠ ᠡᠯᠭᠦᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ ᠰᠤᠳᠤᠯᠤᠨ ᠠᠬᠢᠭᠤᠯᠪᠠ᠃ ᠡᠯ᠎ᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠬᠤᠪᠣᠷ ᠰᠢᠷᠣᠶ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠪᠴᠢᠶ᠎ᠠ᠂ ᠬᠦᠷᠢᠶᠡᠯᠡᠩ ᠣᠷᠣᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠢᠨ ᠾᠧ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠨᠢᠭᠡ ᠪᠠᠯᠭᠠᠰᠤ ᠬᠤᠶᠠᠷ ᠵᠡᠭᠡᠯᠢ ᠭᠤᠳᠤᠮᠵᠢ ᠶᠢᠨ ᠬᠡᠷᠡᠭ ᠡᠷᠭᠢᠯᠡᠬᠦ  ᠭᠠᠵᠠᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠨᠢᠭᠡᠴᠡ ᠶᠢ ᠵᠣᠬᠢᠴᠠᠭᠤᠯᠵᠤ ᠪᠠᠶᠢᠭᠠᠳ ᠶᠡᠷᠦᠩᠬᠡᠶᠢᠯᠡᠨ ᠳᠣᠭᠢᠷᠠᠭᠤᠯᠵᠤ᠂ ᠢᠳᠡᠭᠡᠨ ᠪᠠ ᠡᠮ ᠤᠨ ᠵᠦᠢᠯ ᠤᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠨᠢ ᠡᠬᠢ ᠡᠭᠦᠰᠦᠯ ᠠᠴᠠ ᠨᠢ ᠡᠵᠡᠮᠳᠡᠬᠦ᠂ ᠫᠠᠶᠢᠰᠠ ᠲᠠᠢ ᠪᠠᠷ ᠬᠤᠳᠠᠯᠳᠤᠬᠤ ᠶᠢ ᠰᠠᠶᠢᠲᠤᠷ ᠬᠢᠬᠦ ᠶᠢᠨ ᠵᠡᠷᠭᠡ ᠳᠤ ᠭᠤᠷᠪᠠᠨ ᠳᠡᠰ ᠤᠨ ᠸᠢᠴᠠᠲ ᠤᠨ ᠵᠢᠭᠰᠠᠭᠠᠯ ᠢ ᠪᠠᠶᠢᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠰᠦᠢᠳᠬᠡᠯ ᠬᠤᠷᠢᠶᠠᠬᠤ ᠦᠭᠡᠶ ᠪᠠᠷ ᠫᠠᠶᠢᠰᠠᠨ ᠡᠯᠭᠦᠬᠦ  ᠠᠵᠢᠯ ᠢ ᠪᠦᠬᠦ ᠲᠠᠯ᠎ᠠ ᠪᠠᠷ ᠦᠷᠨᠢᠭᠦᠯᠵᠠᠢ᠃      ᠤᠬᠠᠭᠤᠯᠭ᠎ᠠ ᠶᠢ ᠲᠡᠷᠢᠭᠦᠨ ᠳᠤ ᠲᠠᠯᠪᠢᠵᠤ᠂ ᠪᠦᠬᠦ ᠲᠠᠯ᠎ᠠ ᠪᠠᠷ ᠲᠦᠭᠡᠮᠡᠯᠵᠢᠭᠦᠯᠦᠨ᠎ᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠴᠣᠭᠴᠠᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ︽ᠴᠠᠬᠢᠯᠭᠠᠨ ᠬᠥᠳᠡᠯᠭᠡᠭᠦᠷᠲᠦ ᠲᠡᠷᠭᠡ ᠶᠢ ᠰᠦᠢᠳᠬᠡᠯ ᠬᠤᠷᠢᠶᠠᠬᠤ ᠥᠬᠡᠶ ᠪᠠᠷ ᠫᠠᠶᠢᠰᠠ ᠡᠯᠭᠦᠬᠦ ᠠᠵᠢᠯᠯᠠᠭ᠎ᠠ ᠶᠢ ᠥᠷᠨᠢᠭᠦᠯᠬᠦ ᠲᠤᠬᠠᠶ ᠲᠥᠰᠦᠯ︾ ᠢ ᠳᠠᠷᠤᠮᠠᠯᠯᠠᠨ ᠲᠠᠷᠬᠠᠭᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠫᠠᠶᠢᠰᠠ ᠡᠯᠭᠦᠬᠦ ᠵᠦᠭᠯᠡᠭᠦᠷ ᠢ ᠨᠡᠶᠢᠲᠡᠯᠡᠬᠦ᠂ ᠤᠬᠠᠭᠤᠯᠭ᠎ᠠ ᠶᠢᠨ ᠰᠠᠮᠪᠠᠷ᠎ᠠ ᠶᠢ ᠵᠢᠷᠤᠵᠤ ᠲᠥᠯᠥᠪᠯᠡᠬᠦ᠂ ᠸᠢᠴᠠᠲ ᠤᠨ ᠠᠵᠢᠯ ᠤᠨ  ᠪᠤᠯᠤᠩ ᠢ ᠪᠠᠶᠢᠭᠤᠯᠬᠤ᠂ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶᠠᠲᠤ ᠣᠷᠣᠨ ᠤ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠫᠠᠶᠢᠰᠠ ᠡᠯᠭᠦᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ︾ ᠵᠢᠵᠢᠭ ᠸᠢᠳᠢᠣ᠋ ᠰᠡᠭᠦᠳᠡᠷᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠷ ᠳᠠᠯᠠᠶᠢᠴᠠᠲᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠡᠯ᠎ᠡ ᠨᠡᠶᠢᠭᠡᠮ  ᠲᠣᠭᠤᠷᠢᠭ ᠤᠨ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠠᠵᠢᠯ ᠤᠨ ᠲᠤᠰᠬᠠᠢ ᠠᠩᠬᠢ ᠪᠠᠶᠢᠭᠤᠯᠵᠤ᠂ ᠡᠷᠤᠭᠡ ᠳᠤ ᠬᠦᠷᠴᠦ ᠤᠬᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠲᠤᠪᠤᠶᠢᠯᠭᠠᠵᠦ ᠬᠦᠴᠦᠲᠡᠢ ᠠᠳᠬᠤᠪᠠ᠃ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠳ ᠲᠣᠤᠷᠵᠢᠭᠤᠯᠤᠭᠰᠠᠨ ᠬᠠᠮᠢᠶᠠᠷᠤᠯᠲᠠ᠂ ᠸᠢᠴᠠᠲ ᠤᠨ ᠠᠵᠤ ᠦᠢᠯᠡᠰ ᠤᠨ ᠪᠦᠯᠦᠭᠯᠡᠯ ᠵᠡᠷᠭᠡ ᠬᠡᠯᠪᠡᠷᠢ ᠪᠠᠷ ᠳᠠᠮᠵᠢᠭᠤᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠷᠦᠬᠡ ᠳᠠᠷᠠᠭᠠᠯᠠᠨ ᠪᠦᠷᠢᠳᠬᠡᠵᠦ᠂ ᠠᠵᠢᠯ ᠤᠨ ᠡᠬᠡ ᠲᠠᠩᠰᠠ ᠪᠠᠶᠢᠭᠤᠯᠤᠨ᠂ ᠡᠴᠦᠰ ᠲᠤᠨᠢ ᠲᠤᠯᠲᠠᠯ᠎ᠠ ᠲᠣᠭᠠᠯᠠᠵᠤ᠂ ᠡᠭᠦᠷᠭᠡ ᠪᠠᠨ ᠲᠣᠳᠣᠷᠬᠠᠶ ᠪᠣᠯᠭᠠᠵᠠᠢ᠃ ︽ᠪᠢᠴᠢᠬᠠᠨ ᠯᠠᠪᠠᠶ︾᠂ ᠸᠢᠴᠠᠲ ᠤᠨ ᠴᠣᠭᠯᠠᠷᠠᠯ ᠵᠡᠷᠭᠡ ᠶᠢ ᠠᠰᠢᠭᠯᠠᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠰᠦᠢᠳᠬᠡᠯ ᠬᠤᠷᠢᠶᠠᠬᠤ ᠥᠬᠡᠶ ᠪᠠᠷ ᠫᠠᠶᠢᠰᠠ ᠡᠯᠭᠦᠬᠦ ᠭᠠᠵᠠᠷ᠂ ᠭᠡᠷᠡᠴᠢ ᠲᠡᠮᠳᠡᠭ ᠤᠨ ᠲᠣᠳᠣᠷᠬᠠᠶ ᠬᠠᠭᠤᠳᠠᠰᠤ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠲᠦᠮᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠫᠠᠶᠢᠰᠠ ᠲᠡᠮᠳᠡᠭᠯᠡᠬᠦ ᠶᠢᠨ ᠴᠢᠬᠤᠯᠠ ᠴᠢᠨᠠᠷ ᠢ ᠲᠠᠨᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠯᠠᠨ ᠲᠦᠮᠡᠨ ᠨᠢᠭᠡᠪᠦᠷᠢ ᠳᠤ ᠲᠦᠭᠡᠮᠡᠯᠵᠢᠭᠦᠯᠪᠠ᠃     ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠪᠦᠲᠦᠮᠵᠢᠲᠡᠶ ᠪᠠᠷ ᠶᠠᠪᠤᠭᠳᠠᠭᠤᠯᠤᠨ᠎ᠠ᠃ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠫᠠᠶᠢᠰᠠ ᠡᠯᠭᠦᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠣᠷᠣᠨ ᠤ ᠤᠨ ᠠᠳᠠᠯ ᠦᠢᠯᠡᠰ ᠴᠣᠭᠴᠠᠯᠠᠬᠤ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠨ ᠬᠥᠮᠦᠨ ᠠᠮᠠ ᠨᠡᠯᠢᠶᠡᠳ ᠨᠢᠭᠲᠠᠷᠠᠭᠰᠠᠨ ᠡᠯ᠎ᠡ ᠲᠣᠰᠬᠤᠨ᠂ ᠨᠡᠶᠢᠭᠡᠮ ᠣᠷᠣᠨ ᠤ᠂ ᠠᠵᠤ ᠠᠬᠤᠶᠢᠯᠠᠯ ᠳᠤ ᠨᠡᠭᠦᠳᠡᠯ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠷᠠᠳ ᠲᠤ ᠲᠥᠬᠦᠮ ᠦᠵᠡᠭᠦᠯᠬᠦ ᠫᠠᠶᠢᠰᠠ ᠡᠯᠭᠦᠬᠦ ᠦᠢᠯᠡᠴᠢᠯᠡᠭᠡᠨ ᠤ ᠴᠡᠭ ᠭᠠᠷᠭᠠᠵᠤ᠂ ᠦᠢᠯᠡᠴᠢᠯᠡᠭᠡᠨ ᠤ ᠵᠠᠢ ᠶᠢ ᠪᠠᠭᠠᠰᠬᠠᠨ᠂ ᠣᠯᠠᠨ ᠲᠦᠮᠡᠨ ᠳᠤ ᠥᠴᠦᠬᠡᠨ ᠴᠦ ᠵᠠᠶ ᠥᠬᠡᠶ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠫᠠᠶᠢᠰᠠ ᠡᠯᠭᠦᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠠᠢ᠃ ᠡᠭᠦᠨ ᠤ ᠬᠠᠮᠲᠤ ᠡᠯ᠎ᠡ ᠲᠣᠰᠬᠤᠨ᠂ ᠨᠡᠶᠢᠭᠡᠮ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠴᠠᠬᠢᠯᠭᠠᠨ ᠬᠥᠳᠡᠯᠭᠡᠭᠦᠷᠲᠦ ᠳᠤᠭᠤᠢ  ᠲᠡᠷᠭᠡᠨ ᠳᠤ ᠫᠠᠶᠢᠰᠠ ᠡᠯᠭᠦᠬᠦ  ᠠᠵᠢᠯᠯᠠᠭᠠᠨ ᠤ ᠶᠠᠪᠤᠴᠠ ᠶᠢ ᠪᠣᠯᠪᠠᠰᠤᠷᠠᠭᠤᠯᠤᠨ ᠰᠤᠷᠤᠯᠴᠠᠭᠤᠯᠵᠤ᠂ ᠰᠠᠭᠤᠭᠠᠯᠢ ᠠᠷᠠᠳ ᠢ ᠬᠠᠪᠰᠤᠷᠤᠨ ᠲᠡᠷᠭᠡᠨ ᠫᠠᠶᠢᠰᠠ ᠭᠤᠶᠤᠴᠢᠯᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠫᠠᠶᠢᠰᠠ ᠡᠯᠭᠦᠬᠦ ᠴᠠᠭ ᠢ ᠪᠣᠭᠤᠨᠢᠰᠬᠠᠵᠤ᠂ ᠪᠦᠬᠦ᠋ᠢᠯᠡ  ᠫᠠᠶᠢᠰᠠ ᠡᠯᠭᠦᠬᠦ ᠶᠠᠪᠤᠴᠠ ᠳᠤ 10 ᠮᠢᠨᠦ᠋ᠲ ᠯᠡ ᠬᠡᠷᠡᠭᠰᠡᠨ᠎ᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠫᠠᠶᠢᠰᠠ ᠥᠬᠡᠶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠤᠭ᠎ᠠ ᠬᠡᠮᠵᠢᠶ᠎ᠡ ᠶᠢ ᠲᠥᠷᠥᠯ ᠬᠤᠪᠢᠶᠠᠨ ᠰᠤᠳᠤᠯᠤᠨ ᠮᠠᠭᠠᠳᠯᠠᠬᠤ ᠶᠢ ᠪᠠᠷᠢᠮᠲᠠᠯᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠣᠯᠠᠨ ᠲᠦᠮᠡᠨ ᠤ ᠫᠠᠶᠢᠰᠠ ᠡᠯᠭᠦᠬᠦ ᠬᠡᠷᠡᠭᠴᠡᠭᠡ ᠱᠠᠭᠠᠷᠳᠠᠯᠭ᠎ᠠ ᠳᠤ ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ ᠣᠯᠠᠨ ᠲᠦᠮᠡᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠫᠠᠶᠢᠰᠠ ᠡᠯᠭᠦᠬᠦ ᠱᠠᠭᠠᠷᠳᠠᠯᠭ᠎ᠠ ᠶᠢ ᠣᠶᠢᠯᠠᠭᠠᠬᠤ ᠨᠣᠷᠮ᠎ᠠ ᠶᠢ ᠪᠥᠬᠦ ᠲᠠᠯ᠎ᠠ ᠪᠠᠷ ᠲᠡᠭᠡᠭᠰᠢᠯᠡᠭᠦᠯᠪᠠ᠃ ᠣᠲᠣ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠡᠶᠢᠲᠡ 2250 ᠪᠠᠶᠢᠵᠤ᠂ ᠨᠡᠶᠢᠭᠡᠮ ᠣᠷᠣᠨ ᠤ ᠰᠠᠭᠤᠭᠠᠯᠢ ᠠᠷᠠᠳ ᠲᠤ ᠲᠦᠢᠯ ᠤᠨ ᠶᠡᠭᠡ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ ᠨᠡᠶᠢᠭᠡᠮ ᠣᠷᠣᠨ ᠤ ᠰᠠᠭᠤᠭᠠᠯᠢ ᠠᠷᠠᠳ ᠤᠨ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ᠂ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号