ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠴᠠᠭ ᠢ ᠤᠷᠲᠤᠳᠬᠠᠬᠤ + ᠣᠷᠣᠯᠠᠨ ᠬᠠᠪᠰᠤᠷᠤᠨ ᠭᠦᠢᠴᠡᠳᠬᠡᠬᠦ︾ ᠨᠢ ᠣᠯᠠᠨ ᠲᠦᠮᠡᠨ ᠢ ᠠᠵᠢᠯ ᠶᠠᠪᠤᠳᠠᠯ ᠪᠦᠲᠦᠭᠡᠬᠦ ᠳᠡᠭᠡᠨ ᠴᠠᠭ ᠢ ᠤᠷᠲᠤᠳᠬᠠᠬᠤ ᠥᠬᠡᠶ ᠪᠣᠯᠭᠠᠪᠠ
ᠨᠡᠶᠢᠲᠡᠯᠡᠭᠰᠡᠨ ᠴᠠᠭ᠄
2022/7/14
     ︽ᠪᠢ ᠮᠠᠲ᠋ᠧᠷᠢᠶᠠᠯ ᠢᠶᠠᠨ ᠪᠦᠷᠢᠨ ᠪᠡᠯᠡᠳᠬᠡᠭᠰᠡᠨ ᠦᠭᠡᠶ᠂ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠺᠣᠮᠫᠠᠨᠢ ᠠᠴᠠ ᠲᠤᠬᠠᠶᠢᠯᠠᠭᠰᠠᠨ ᠠᠵᠢᠯ ᠢᠶᠠᠨ ᠬᠤᠪᠢᠷᠠᠭᠤᠯᠬᠤ ᠳᠠᠭᠠᠨ ᠴᠤ ᠬᠢᠵᠦ ᠳᠠᠭᠤᠰᠬᠠᠭᠰᠠᠨ ᠦᠭᠡᠶ ᠪᠣᠯᠬᠤᠷ ᠠᠵᠢᠯᠲᠠᠳ ᠦᠳᠡ ᠶᠢᠨ ᠠᠮᠠᠷᠠᠯᠲᠠ ᠶᠢᠨ ᠴᠠᠭ ᠢᠶᠠᠨ ᠰᠠᠨᠠᠭᠠᠴᠢᠯᠠᠭ᠎ᠠ ᠠᠴᠠ ᠪᠠᠨ ᠬᠠᠶᠠᠵᠤ᠂ ᠮᠢᠨᠦ ᠮᠠᠲ᠋ᠧᠷᠢᠶᠠᠯ ᠢ ᠲᠡᠭᠦᠯᠳᠡᠷᠵᠢᠭᠦᠯᠬᠦ ᠳᠤ ᠬᠠᠪᠰᠤᠷᠤᠭᠰᠠᠨ ᠠᠴᠠ ᠪᠢ ᠰᠠᠶ᠋ᠢ ᠡᠨᠡ ᠬᠦ ᠲᠤᠬᠠᠶᠢᠯᠠᠭᠰᠠᠨ ᠠᠵᠢᠯ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠬᠢᠵᠦ ᠳᠠᠭᠤᠰᠬᠠᠭᠰᠠᠨ ᠶᠤᠮ︾ ᠭᠡᠵᠡᠶ᠃ ᠣᠶᠢᠷ᠎ᠠ ᠳᠤ᠂ ᠥᠪᠥᠷ ᠮᠣᠩᠭᠤᠯ ᠤᠨ ᠯᠦᠩ ᡂᠢ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠳ᠋ᠤᠸᠠᠨ ᠠᠪᠤᠭᠠᠶ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠲᠢᠩᠬᠢᠮ ᠤᠨ ᠭᠠᠷᠭᠠᠭᠰᠠᠨ ︽ᠴᠠᠭ ᠢ ᠠᠯᠳᠠᠵᠤ ᠴᠠᠭ ᠢ ᠤᠷᠲᠤᠳᠬᠠᠬᠤ︾᠂ ︽ᠣᠷᠣᠯᠠᠨ ᠭᠦᠶ᠋ᠴᠡᠳᠬᠡᠬᠦ ᠬᠠᠪᠰᠤᠷᠤᠨ ᠭᠦᠶ᠋ᠴᠡᠳᠬᠡᠬᠦ︾ ᠦᠢᠯᠡᠴᠢᠯᠡᠭᠡ ᠨᠢ ᠦᠨᠡᠬᠡᠷ ᠲᠥᠬᠦᠮ ᠮᠥᠷᠲᠡᠭᠡᠨ ᠰᠡᠳᠬᠢᠯ ᠳᠤ ᠳᠤᠯᠠᠭᠠᠬᠠᠨ ᠪᠠᠶᠢᠨ᠎ᠠ ᠭᠡᠵᠡᠶ᠃     ᠲᠦᠷᠦᠭᠦᠬᠡᠨ ᠦᠳᠡ ᠶᠢᠨ ᠬᠤᠶᠢᠨ᠎ᠠ ᠶᠢᠨ ᠠᠵᠢᠯ ᠠᠴᠠ ᠪᠠᠭᠤᠬᠤ ᠴᠠᠭ ᠣᠶᠢᠷᠠᠳᠬᠤ ᠳᠤ᠂ ᠬᠤᠲᠠ ᠶᠢᠨ ᠠᠷᠠᠳ ᠴᠢᠦᠶ ᠠᠪᠤᠭᠠᠶ ᠬᠤᠯᠪᠣᠭᠳᠠᠯ ᠪᠥᠬᠦᠶ ᠮᠠᠲ᠋ᠧᠷᠢᠶᠠᠯ ᠢ ᠠᠪᠴᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠢᠷᠡᠭᠰᠡᠨ ᠳᠤ᠂ ᠠᠵᠢᠯᠲᠠᠨ ᠨᠢ ᠲᠡᠭᠦᠨ ᠤ ᠰᠡᠩᠳᠡ ᠮᠡᠩᠳᠡ ᠬᠦᠷᠴᠦ ᠢᠷᠡᠭᠰᠡᠨ ᠢ ᠦᠵᠡᠭᠡᠳ ᠰᠠᠨᠠᠭᠠᠴᠢᠯᠠᠭ᠎ᠠ ᠠᠴᠠ ᠪᠠᠨ ᠣᠴᠢᠵᠤ ᠯᠠᠪᠯᠠᠨ ᠠᠰᠠᠭᠤᠵᠤ᠂ ᠲᠡᠭᠦᠨ ᠤ ᠨᠠᠶᠢᠵᠠ ᠳᠠᠭᠠᠨ ︽ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠵᠦ ᠥᠭᠬᠦ ᠭᠡᠵᠦ ᠪᠠᠶᠢᠭ᠎ᠠ ᠶᠢ ᠣᠶᠢᠯᠠᠭᠠᠭᠰᠠᠨ ᠪᠠᠶᠢᠨ᠎ᠠ᠃ ᠴᠢᠦᠶ ᠠᠪᠤᠭᠠᠶ ᠶᠢᠨ ᠬᠤᠯᠪᠣᠭᠳᠠᠯ ᠪᠦᠬᠦᠢ ᠶᠠᠪᠤᠴᠠ ᠪᠣᠯᠤᠨ ᠬᠡᠷᠡᠭᠴᠡᠭᠡ ᠪᠦᠬᠦᠢ ᠮᠠᠲ᠋ᠧᠷᠢᠶᠠᠯ ᠢ ᠰᠠᠶᠢᠨ ᠮᠡᠳᠡᠬᠦ ᠦᠭᠡᠶ ᠪᠠᠶᠢᠬᠤ ᠶᠢ ᠮᠡᠳᠡᠭᠡᠳ ᠠᠵᠢᠯᠲᠠᠳ ᠨᠢ ᠬᠦᠯᠢᠴᠡᠩᠭᠦᠶ ᠪᠠᠷ ᠲᠡᠭᠦᠨ ᠳᠤ ᠪᠠᠷ᠎ᠠ ᠪᠣᠯᠵᠤ ᠮᠠᠲ᠋ᠧᠷᠢᠶᠠᠯ ᠢ ᠨᠢ ᠪᠠᠶᠢᠴᠠᠭᠠᠨ ᠦᠵᠡᠵᠦ᠂ ᠮᠠᠲ᠋ᠧᠷᠢᠶᠠᠯ ᠢ ᠨᠢ ᠳᠠᠷᠤᠮᠠᠯᠯᠠᠵᠤ ᠥᠭᠴᠡᠶ᠃  ︽ᠣᠳᠣᠬᠠᠨ ᠳᠤ ᠵᠠᠰᠠᠭ ᠤᠨ ᠣᠷᠳᠣᠨ ᠤ ᠦᠢᠯᠡᠴᠢᠯᠡᠭᠡ ᠤᠯᠠᠮ ᠠᠴᠠ ᠤᠯᠠᠮ ᠰᠠᠶᠢᠵᠢᠷᠠᠵᠤ᠂ ᠦᠷ᠎ᠡ ᠪᠦᠲᠦᠮᠵᠢ ᠨᠢ ᠴᠦ ᠳᠡᠭᠡᠭᠰᠢᠯᠡᠵᠡᠶ᠂ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠠᠵᠢᠯᠲᠠᠳ ᠪᠠᠰᠠ ᠲᠤᠬᠠᠶᠢᠯᠠᠭᠰᠠᠨ ᠠᠵᠢᠯ ᠢᠶᠠᠨ ᠡᠷᠭᠢᠯᠡᠵᠦ ᠪᠠᠶᠢᠨ᠎ᠠ᠂ ᠲᠡᠳᠡᠨ ᠤ ᠦᠢᠯᠡᠴᠢᠯᠡᠭᠡ ᠨᠢ ᠬᠠᠯᠠᠭᠤᠮᠰᠤᠭ ᠪᠥᠭᠡᠳ ᠳᠣᠲᠣᠨᠣ ᠪᠠᠶᠢᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠠᠪᠤᠳᠠᠯ ᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠂ ᠪᠢ ᠲᠡᠳᠡᠨ ᠢ ᠮᠠᠭᠲᠠᠨ ᠰᠠᠶᠢᠰᠢᠶᠠᠵᠣ ᠪᠠᠶᠢᠨ᠎ᠠ︾ ᠭᠡᠵᠦ ᠴᠢᠦᠶ ᠠᠪᠤᠭᠠᠶ ᠪᠠᠶᠠᠷᠲᠠᠶ ᠪᠠᠷ ᠬᠡᠯᠡᠪᠡ᠃    ᠡᠨᠡ ᠵᠢᠯ ᠠᠴᠠ ᠨᠠᠰᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠴᠠᠭ ᠢ ᠠᠯᠳᠠᠵᠤ ᠴᠠᠭ ᠢ ᠤᠷᠲᠤᠳᠬᠠᠬᠤ︾᠂ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠪᠡ᠃ ᠤᠴᠢᠷ ᠶᠠᠪᠤᠳᠠᠯ ᠢ ᠰᠢᠢᠳᠪᠦᠷᠢᠯᠡᠵᠦ ᠪᠠᠶᠢᠭ᠎ᠠ ᠣᠯᠠᠨ ᠲᠦᠮᠡᠨ ᠪᠠᠶᠢᠳᠠᠭ ᠯᠠ ᠶᠤᠮ ᠪᠣᠯ ᠠᠵᠢᠯᠲᠠᠳ ᠠᠵᠢᠯ ᠠᠴᠠ ᠪᠠᠨ ᠪᠠᠭᠤᠬᠤ ᠴᠠᠭ ᠢ ᠰᠠᠨᠠᠭᠠᠴᠢᠯᠠᠭ᠎ᠠ ᠠᠴᠠ ᠪᠠᠨ ᠬᠤᠶᠢᠰᠢᠯᠠᠭᠤᠯᠵᠤ᠂ ᠬᠠᠮᠤᠭ ᠰᠡᠭᠦᠯ ᠤᠨ ᠨᠢᠭᠡ ᠤᠴᠢᠷ ᠢ ᠬᠢᠵᠦ ᠳᠠᠭᠤᠰᠬᠠᠭᠠᠳ᠂ ᠬᠠᠮᠤᠭ ᠰᠡᠭᠦᠯ ᠤᠨ ᠨᠢᠭᠡ ᠤᠴᠢᠷ ᠶᠠᠪᠤᠳᠠᠯ ᠢ ᠰᠢᠢᠳᠪᠦᠷᠢᠯᠡᠵᠦ ᠪᠠᠶᠢᠭ᠎ᠠ ᠣᠯᠠᠨ ᠲᠦᠮᠡᠨ ᠢ ᠬᠦᠷᠭᠡᠵᠦ ᠶᠠᠪᠤᠭᠤᠯᠪᠠᠯ᠂ ᠴᠣᠩᠬᠤᠨ ᠤ ᠠᠵᠢᠯᠲᠠᠨ ᠰᠠᠶ᠋ᠢ ᠠᠵᠢᠯ ᠠᠴᠠ ᠪᠠᠨ ᠪᠠᠭᠤᠵᠤ᠂ ︽ᠣᠯᠠᠨ ᠲᠦᠮᠡᠨ ᠢ ᠨᠢᠭᠡ ᠯᠡ ᠤᠳᠠᠭ᠎ᠠ ᠭᠦᠶᠦᠯᠭᠡᠬᠦ ︾ ᠦᠢᠯᠡᠴᠢᠯᠡᠭᠡᠨ ᠤ ᠠᠮᠠᠯᠠᠯᠲᠠ ᠪᠠᠨ ᠦᠨᠡᠨ ᠬᠦ ᠪᠡᠶᠡᠯᠡᠭᠦᠯᠵᠦ ᠪᠠᠶᠢᠨ᠎ᠠ  ᠃     ᠲᠤᠰ ᠣᠷᠣᠨ ᠤ ᠬᠢᠨ ᠠᠵᠤ ᠠᠬᠤᠶᠢᠯᠠᠯ ᠤᠨ ᠤᠯᠠᠨ ᠲᠦᠮᠡᠨ ᠤ ᠬᠠᠷᠠᠭᠠᠰᠤ ᠠᠴᠠ ᠡᠭᠦᠰᠬᠦ ᠶᠢ ᠪᠠᠷᠢᠮᠲᠠᠯᠠᠵᠤ᠂ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ᠂ ᠤᠴᠢᠷ ᠶᠠᠪᠤᠳᠠᠯ ᠰᠢᠢᠳᠪᠦᠷᠢᠯᠡᠬᠦ ᠳᠤ ᠲᠦᠪᠡᠭᠲᠡᠢ᠂ ᠬᠢᠵᠦ ᠴᠢᠳᠠᠬᠤ ᠦᠭᠡᠢ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠠᠮᠠᠯ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠬᠠᠯᠠᠭᠤᠨ ᠳᠤᠯᠠᠭᠠᠨ ᠪᠥᠭᠡᠳ ᠦᠷ᠎ᠡ ᠪᠦᠲᠦᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠤᠢ ᠪᠣᠯᠭᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠡ ᠦᠭᠡᠢ ᠳᠡᠭᠡᠭᠰᠢᠯᠡᠭᠦᠯᠵᠡᠢ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠠᠷᠢᠭᠤᠴᠠᠯᠭᠠᠲᠠᠨ ᠯᠦᠸᠧ ᠳ᠋ᠦᠩ ᠱᠧᠩ ᠤᠨ ᠲᠠᠨᠢᠯᠴᠠᠭᠤᠯᠤᠭᠰᠠᠨ ᠢᠶᠠᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠲᠥᠬᠦᠮ ᠦᠵᠡᠭᠦᠯᠬᠦ ᠶᠢ ᠶᠡᠭᠡ ᠪᠠᠷ ᠠᠬᠢᠭᠤᠯᠵᠤ᠂ ᠬᠠᠮᠤᠭ ᠤᠨ ᠲᠥᠬᠦᠮ ᠨᠥᠬᠦᠴᠡᠯ ᠪᠥᠬᠦᠶ ᠬᠢᠨᠠᠨ ᠵᠥᠪᠰᠢᠶᠡᠷᠡᠬᠦ᠂ ᠬᠠᠮᠤᠭ ᠤᠨ ᠰᠢᠯᠢᠳᠡᠭ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠬᠤᠪᠢ ᠬᠥᠮᠦᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠲᠦᠷᠦᠭᠦ ᠶᠢᠨ ︽ᠨᠢᠭᠡ ᠶᠠᠪᠤᠳᠠᠯ︾᠂ ᠦᠢᠯᠡᠰ ᠪᠤᠰᠬᠠᠬᠤ ᠶᠢᠨ ︽ᠨᠢᠭᠡ ᠶᠠᠪᠤᠳᠠᠯ︾᠂ ᠠᠵᠢᠯ ᠠᠴᠠ ᠪᠠᠨ ᠠᠮᠠᠷᠠᠬᠤ ᠶᠢᠨ ︽ᠨᠢᠭᠡ ᠶᠠᠪᠤᠳᠠᠯ︾᠂ ᠠᠷᠤ ᠶᠢᠨ ︽ᠨᠢᠭᠡ ᠶᠠᠪᠤᠳᠠᠯ︾᠂ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠶᠢᠨ ︽ᠨᠢᠭᠡ ᠶᠠᠪᠤᠳᠠᠯ︾ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠥᠨᠳᠥᠷ ᠲᠠᠪᠳᠠᠮᠵᠢᠳᠤ ᠬᠡᠷᠡᠭ ᠶᠠᠪᠤᠳᠠᠯ ᠤᠨ ᠬᠤᠷᠠᠮᠠᠯ ᠦᠢᠯᠡᠴᠢᠯᠡᠭᠡ ᠶᠢ ᠬᠢᠨ᠎ᠠ ᠲᠤᠰᠬᠠᠶᠢᠵᠢᠭᠰᠠᠨ ᠬᠠᠪᠰᠤᠷᠬᠤ᠂ ᠣᠷᠣᠯᠠᠨ ᠭᠦᠢᠴᠡᠳᠬᠡᠬᠦ ᠪᠦᠯᠬᠦᠮ ᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠪᠠ ᠦᠢᠯᠡᠴᠢᠯᠡᠭᠡᠨ ᠤ ᠲᠤᠰᠬᠠᠶ ᠣᠷᠣᠨ ᠢ ᠪᠠᠶᠢᠭᠤᠯᠤᠨ᠂ ︽ᠣᠯᠠᠨ ᠲᠦᠮᠡᠨ ᠥᠪᠡᠷ ᠢᠶᠠᠨ ᠭᠦᠢᠴᠡᠳᠬᠡᠬᠦ︾ ᠪᠠᠶᠢᠭᠰᠠᠨ ᠢ ︽ᠪᠢ ᠲᠠᠨ ᠳᠤ ᠬᠠᠪᠰᠤᠷᠤᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠰᠢᠨ ᠲᠢᠶᠠᠨ ᠱᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 2 ᠲᠦᠮᠡᠨ ᠲᠣᠨ ᠲᠡᠮᠦᠷ ᠪᠤᠷ ᠤᠨ ᠬᠠᠶᠠᠭᠳᠠᠮᠠᠯ ᠡᠳ᠋ ᠢ ᠪᠣᠬᠢᠷᠲᠤᠯ ᠥᠬᠡᠶ ᠬᠤᠷᠢᠶᠠᠨ ᠠᠪᠴᠢᠷᠠᠬᠤ ᠲᠥᠷᠥᠯ ᠵᠦᠢᠯ ᠢ ᠰᠢᠢᠳᠪᠦᠷᠢᠯᠡᠬᠦ ᠳᠤ 4 ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠪᠠ  ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ 600 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤ ᠪᠠᠷ︾ ᠶᠡᠷᠦᠩᠬᠡᠶᠢᠯᠡᠨ ᠭᠥᠯᠢᠶᠡᠨ ᠬᠦᠢᠴᠡᠳᠭᠡᠪᠡ᠃    ᠠᠷᠠᠳ ᠤᠨ ᠪᠤᠳᠤᠯ ᠢ ᠪᠤᠳᠤᠵᠤ᠂ ᠠᠷᠠᠳ ᠤᠨ ᠰᠠᠨᠠᠭᠠᠰᠢᠷᠠᠯ ᠳᠤ ᠪᠠᠴᠢᠮᠳᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠨ᠎ᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠣᠯᠠᠨ ᠲᠦᠮᠡᠨ ᠤ ᠬᠠᠷᠠᠭᠠᠰᠤ ᠠᠴᠠ ᠥᠭᠡᠷᠡᠴᠢᠯᠡᠯᠲᠡ ᠶᠢ ᠪᠣᠳᠣᠯᠬᠢᠯᠠᠵᠤ᠂ ᠣᠯᠠᠨ ᠲᠦᠮᠡᠨ ᠤ ᠦᠭᠡ ᠬᠡᠯᠡ ᠪᠠᠷ ᠬᠠᠷᠠᠯᠲᠠ ᠲᠣᠭᠲᠠᠭᠠᠵᠤ ᠂ ᠣᠯᠠᠨ ᠲᠦᠮᠡᠨ ᠤ ᠲᠥᠷᠥᠭᠳᠡᠯ ᠢᠶᠠᠷ ᠪᠠᠷᠢᠮᠵᠢᠶ᠎ᠠ ᠲᠣᠭᠲᠠᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠬᠠᠮᠲᠤ ᠬᠥᠮᠥᠡᠯᠢᠭ᠂ ᠬᠠᠯᠠᠭᠤᠨ ᠳᠤᠯᠠᠭᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠶ ᠪᠣᠯᠭᠠᠬᠤ ᠲᠠᠯ᠎ᠠ ᠪᠠᠷ ᠬᠦᠴᠦ ᠲᠠᠯᠪᠢᠬᠤ ᠶᠢ ᠴᠢᠬᠤᠯᠠᠴᠢᠯᠠᠨ᠎ᠠ᠃ ᠣᠳᠣᠬᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠠᠵᠢᠯ ᠤᠨ ᠡᠳᠦᠷ ᠢ ᠤᠷᠲᠤᠳᠬᠠᠬᠤ ᠦᠢᠯᠡᠴᠢᠯᠡᠭᠡ ᠪᠠ ᠬᠤᠤᠰ ᠠᠮᠠᠷᠠᠯᠲᠠ ᠶᠢᠨ ᠡᠳᠦᠷ ᠤᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠵᠤ᠂ ︽5 + 2︾ ᠤᠨ ᠪᠥᠬᠦ ᠡᠳᠦᠷ ᠤᠨ ᠪᠠᠶᠢᠩᠭᠤ ᠶᠢᠨ ᠦᠢᠯᠡᠴᠢᠯᠡᠭᠡᠨ ᠤ ᠲᠣᠭᠲᠠᠴᠠ ᠶᠢ ᠠᠮᠵᠢᠯᠲᠠ ᠲᠠᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠪᠦᠷᠬᠦᠭᠦᠯᠬᠦ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠨᠠᠩ ᠣᠯᠠᠨ ᠬᠦᠷᠢᠶ᠎ᠡ ᠴᠠᠷᠠᠭ᠎ᠠ ᠳᠤ ᠬᠦᠷᠲᠡᠯ᠎ᠡ ᠦᠷᠭᠦᠯᠵᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠶᠢ ᠪᠡᠶᠡᠯᠭᠦᠯᠦᠭᠰᠡᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号