ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠲᠠ ᠶᠢᠨ ᠬᠠᠮᠢᠶᠠᠷᠤᠯᠲᠠ ᠶᠢᠨ ᠬᠠᠯᠠᠭᠤᠨ ᠦᠢᠯᠡᠴᠢᠯᠡᠭᠡ ᠳᠤ ᠣᠯᠠᠨ ᠲᠦᠮᠡᠨ ᠰᠡᠳᠭᠢᠯ ᠬᠦᠳᠡᠯᠦᠨ ᠬᠡᠮᠡᠷᠯᠢᠭ ᠲᠤᠭ ᠬᠦᠷᠭᠡᠪᠠ
ᠨᠡᠶᠢᠲᠡᠯᠡᠭᠰᠡᠨ ᠴᠠᠭ᠄
2022/7/18
     ︽ᠪᠢᠳᠡ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠰᠡᠳᠬᠢᠯ ᠲᠠᠯᠪᠢᠨ ᠦᠢᠯᠡᠴᠢᠯᠡᠵᠦ ᠪᠠᠶᠢᠬᠤ ᠶᠢ ᠰᠡᠳᠭᠢᠯ ᠢᠶᠠᠷ ᠢᠶᠠᠨ ᠮᠡᠳᠡᠷᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠣᠯᠠᠨ ᠳᠤ ᠪᠣᠳᠠᠲᠠᠶ ᠠᠵᠢᠯ ᠬᠢᠵᠦ᠂ ᠪᠥᠬᠦ ᠬᠦᠴᠦᠨ ᠢᠶᠠᠷ ᠢᠶᠠᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠪᠠ᠂ ᠲᠠ ᠨᠠᠷ ᠢ ᠦᠨᠡᠬᠡᠷ ᠵᠦᠳᠡᠷᠡᠯ᠎ᠡ᠂ ᠲᠠ ᠨᠠᠷ ᠲᠤ ᠲᠠᠯᠠᠷᠬᠠᠵᠤ ᠪᠠᠶᠢᠨ᠎ᠠ︕︾ ᠭᠡᠵᠦ ᠰᠡᠳᠭᠢᠯ ᠬᠦᠳᠡᠯᠦᠨ ᠶᠠᠷᠢᠨ᠎ᠠ᠃ 7 ᠰᠠᠷ᠎ᠠ ᠶᠢᠨ 12᠎ ᠤᠨ ᠦᠳᠡ ᠶᠢᠨ ᠡᠮᠦᠨ᠎ᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠥᠷᠪᠡᠨ ᠶᠡᠭᠡ ᠠᠩᠭᠢ ᠶᠢᠨ ᠬᠠᠷᠢᠶ᠎ᠠ ᠣᠷᠣᠨ ᠤ ᠨᠡᠭᠦᠳᠡᠯ ᠬᠤᠳᠠᠯᠳᠤᠭᠠᠨ ᠤ ᠡᠷᠦᠬᠡ ᠳᠤ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠢᠷᠭᠡᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠶ᠎ᠡ ᠵᠣᠬᠢᠴᠠᠯᠳᠤ ᠨᠡᠶᠢᠭᠡᠮ ᠢ ᠬᠠᠮᠲᠤ ᠪᠠᠷ ᠪᠦᠲᠦᠭᠡᠨ ᠪᠠᠶᠢᠭᠤᠯᠤᠨ᠎ᠠ︾᠂ ︽ᠠᠵᠢᠯ ᠦᠢᠯᠡᠰ ᠢᠶᠠᠨ ᠳᠡᠭᠡᠳᠦᠯᠡᠨ ᠠᠷᠠᠳ ᠢᠷᠭᠡᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠦᠴᠢᠷ ᠵᠣᠪᠠᠭᠤᠷᠢ ᠶᠢ ᠰᠢᠢᠳᠪᠦᠷᠢᠯᠡᠨ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ︾᠂ ︽ᠬᠠᠤᠯᠢ ᠬᠡᠷᠡᠭᠵᠢᠭᠦᠯᠬᠦ ᠳᠡᠭᠡᠨ ᠲᠥᠪ ᠭᠤᠣᠯᠴᠢ ᠪᠠᠶᠢᠬᠤ ᠨᠢ ᠠᠷᠠᠳ ᠢᠷᠭᠡᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠲᠦᠮᠡᠨ ᠳᠤ ᠦᠢᠯᠡᠴᠢᠯᠡᠨ᠎ᠡ︾ ᠭᠡᠬᠦ ᠭᠤᠷᠪᠠᠨ ᠬᠡᠮᠡᠷᠯᠢᠭ ᠲᠤᠭ ᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠭᠠᠷ ᠲᠤ ᠬᠦᠷᠭᠡᠬᠦ ᠶᠢᠨ ᠬᠠᠮᠲᠤ᠂ ᠡᠨᠡ ᠬᠦ ᠬᠡᠮᠡᠷᠯᠢᠭ ᠲᠤᠭ ᠨᠢ ᠬᠤᠲᠠ ᠶᠢᠨ ᠬᠠᠮᠢᠶᠠᠷᠤᠯᠲᠠ ᠶᠢᠨ ᠠᠵᠢᠯ ᠢ ᠭᠦᠢᠴᠡᠳ ᠨᠤᠲᠠᠯᠠᠵᠤ ᠪᠠᠶᠢᠬᠤ ᠪᠠᠷ ᠪᠠᠷᠠᠬᠤ ᠥᠬᠡᠶ᠂ ᠬᠤᠲᠠ ᠶᠢᠨ ᠬᠠᠮᠢᠶᠠᠷᠤᠯᠲᠠ ᠶᠢᠨ ᠠᠩᠭᠢ ᠶᠢᠨ ᠭᠡᠰᠢᠭᠦᠳ ᠤᠨ ᠬᠤᠳᠠᠯᠳᠤᠭᠠᠨ ᠤ ᠡᠷᠦᠬᠡ ᠳᠤ ᠬᠠᠯᠠᠭᠤᠮᠰᠤᠭ ᠦᠢᠯᠡᠴᠢᠯᠡᠭᠡ ᠪᠠ ᠬᠠᠪᠰᠤᠷᠤᠯᠭ᠎ᠠ ᠬᠠᠩᠭᠠᠭᠰᠠᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ ᠭᠡᠵᠡᠶ᠃     ᠣᠶᠢᠷ᠎ᠠ ᠶᠢᠨ ᠬᠤᠭᠤᠴᠠᠭᠠᠨ ᠳᠤ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ᠤᠨ ᠪᠤᠭᠤᠲᠤ ᠶᠢᠨ ᠺᠣᠮᠫᠠᠨᠢ ᠶᠢᠨ ᠡᠳᠦᠷ ᠢᠷᠡᠬᠦᠶ᠎ᠡ ᠥᠷᠭᠡᠳᠬᠦ ᠶᠢ ᠳᠠᠭᠠᠯᠳᠤᠨ᠂ ᠵᠠᠷᠢᠮ ᠥᠷᠯᠥᠭᠡ ᠶᠢᠨ ᠬᠤᠭᠤᠯᠠᠨ ᠤ ᠬᠤᠳᠠᠯᠳᠤᠭᠠᠴᠢᠳ ᠬᠤᠶᠢᠨ᠎ᠠ ᠬᠤᠶᠢᠨ᠎ᠠ ᠠᠴᠠ ᠪᠠᠨ ᠡᠷᠭᠢᠨ ᠲᠣᠭᠤᠷᠢᠨ ᠳᠠᠭᠠᠨ ᠨᠤᠲᠤᠭᠰᠢᠵᠤ᠂ ᠬᠤᠳᠠᠯᠳᠤᠭᠠᠴᠢᠳ ᠡᠳᠦᠷ ᠢᠷᠡᠬᠦᠶ᠎ᠡ ᠣᠯᠠᠰᠢᠷᠠᠭᠰᠠᠨ ᠠᠴᠠ ᠭᠦᠸᠧ ᠬᠤᠩ ᠭᠤᠸᠠᠩ᠂ ᠵᠣᠣ ᠬᠤᠸᠠᠨ ᠢᠦᠶ᠂ ᠯᠢᠦ ᠰᠢᠶᠤᠤ ᠵᠢᠩ ᠵᠡᠷᠭᠡ ᠥᠷᠯᠥᠭᠡ ᠶᠢᠨ ᠬᠤᠭᠤᠯᠠᠨ ᠤ ᠭᠤᠷᠪᠠᠨ ᠲᠡᠷᠭᠡ ᠭᠠᠳᠠᠨ᠎ᠠ ᠬᠠᠪᠢᠳᠠᠵᠤ᠂ ᠮᠠᠶᠢᠮᠠᠶ ᠨᠢ ᠲᠡᠶᠢᠮᠦ ᠰᠠᠶᠢᠨ ᠪᠢᠰᠢ ᠪᠠᠶᠢᠪᠠ᠂ ᠬᠠᠤᠯᠢ ᠬᠡᠷᠡᠭᠵᠢᠭᠦᠯᠦᠭᠴᠢ ᠠᠴᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠡᠷᠬᠢᠨ ᠲᠣᠭᠤᠷᠢᠨ ᠤ ᠬᠤᠲᠠ ᠶᠢᠨ ᠳᠦᠷᠢ ᠲᠥᠷᠬᠦ ᠴᠡᠪᠡᠷ ᠲᠡᠭᠰᠢ ᠪᠠᠶᠢᠬᠤ ᠶᠢ ᠪᠠᠲᠤᠯᠠᠬᠤ ᠶᠢᠨ ᠬᠠᠮᠲᠤ ᠡᠯ᠎ᠡ ᠲᠠᠯ᠎ᠠ ᠶᠢᠨ ᠬᠢᠨ ᠲᠠᠢ ᠵᠣᠬᠢᠴᠠᠭᠤᠯᠵᠤ᠂ ᠬᠠᠮᠤᠭ ᠡᠴᠦᠰ ᠲᠤ ᠪᠣᠶ ᠪᠥᠬᠦᠶ ᠨᠡᠭᠦᠳᠡᠯ ᠬᠤᠳᠠᠯᠳᠤᠭᠠᠴᠢᠨ ᠢ ᠲᠣᠬᠢᠲᠠᠶ ᠰᠢᠢᠳᠪᠦᠷᠢᠯᠡᠵᠦ᠂ ᠡᠯ᠎ᠡ ᠬᠤᠳᠠᠯᠳᠤᠭᠠᠴᠢᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠰᠢᠢᠳᠪᠦᠷᠢᠯᠡᠵᠡᠶ᠂ ᠨᠡᠭᠦᠳᠡᠯ ᠬᠤᠳᠠᠯᠳᠤᠭᠠᠴᠢᠨ ᠠᠴᠠ ᠡᠶᠢᠮᠦᠷᠬᠦ ᠰᠢᠢᠳᠪᠦᠷᠢᠯᠡᠬᠦ ᠠᠷᠭ᠎ᠠ ᠳᠤ ᠮᠠᠰᠢ ᠬᠠᠨᠤᠮᠵᠢᠲᠠᠶ ᠪᠠᠶᠢᠨ᠎ᠠ᠃    ᠠᠩᠭᠢ ᠶᠢᠨ ᠳᠠᠷᠤᠭ᠎ᠠ ᠶᠢᠨ ᠬᠤᠩ ᠢᠦᠢ᠄ ︽︿ᠠᠯᠲᠠᠨ ᠬᠤᠨᠳᠠᠭ᠎ᠠ ᠮᠥᠩᠭᠦᠨ ᠬᠤᠨᠳᠠᠭ᠎ᠠ ᠠᠷᠠᠳ ᠤᠯᠠᠨ ᠤ ᠮᠠᠭᠲᠠᠭᠠᠯ ᠢ ᠬᠦᠷᠬᠦ ᠦᠭᠡᠢ﹀᠂ ᠡᠨᠡ ᠬᠦ ᠬᠡᠮᠡᠷᠯᠢᠭ ᠲᠤᠭ ᠪᠣᠯ ᠮᠠᠨ ᠤ ᠬᠤᠳᠠ ᠶᠢᠨ ᠬᠠᠮᠢᠶᠠᠷᠤᠯᠲᠠ ᠶᠢᠨ ᠠᠵᠢᠯ ᠢ ᠨᠤᠲᠠᠯᠠᠵᠤ ᠪᠠᠶᠢᠭ᠎ᠠ ᠶᠠᠪᠤᠳᠠᠯ ᠪᠣᠯᠤᠨ᠎ᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠣᠯᠠᠨ ᠲᠦᠮᠡᠨ ᠤ ᠬᠦᠴᠢᠷ ᠠᠰᠠᠭᠤᠳᠠᠯ ᠢ ᠬᠠᠮᠤᠭ ᠤᠨ ᠲᠡᠷᠢᠭᠦᠨ ᠳᠤ ᠰᠢᠢᠳᠪᠦᠷᠢᠯᠡᠨ ᠥᠭᠴᠦ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠨ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠬᠤ ᠶᠢ ᠦᠷᠭᠦᠯᠵᠢᠯᠡᠨ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠶᠠᠪᠤᠴᠠ ᠳᠤ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠤᠭ ᠰᠠᠨᠠᠭ᠎ᠠ ᠶᠢ ᠦᠨᠡᠨ ᠬᠦ ᠢᠯᠡᠷᠡᠭᠦᠯᠬᠦ ᠪᠣᠯ ᠮᠠᠨ ᠤ ᠡᠳᠦᠷ ᠲᠤᠲᠤᠮ ᠤᠨ ᠬᠠᠤᠯᠢ ᠬᠡᠷᠡᠭᠵᠢᠭᠦᠯᠬᠦ ᠶᠠᠪᠤᠴᠠ ᠳᠤ ᠢᠮᠠᠭᠲᠠ ᠦᠢᠯᠡᠳᠦᠯᠭᠡᠵᠢᠭᠦᠯᠦᠭᠰᠡᠭᠡᠷ ᠢᠷᠡᠭᠰᠡᠨ ᠣᠶᠢᠯᠠᠭᠠᠭᠳᠠᠬᠤᠨ ᠮᠥᠨ︾ ᠭᠡᠵᠡᠶ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号