ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠠᠬᠢᠴᠠ ᠶᠢ ᠠᠳᠬᠤᠨ ᠦᠢᠯᠡᠴᠢᠯᠡᠭᠡ ᠶᠢ ᠠᠬᠢᠭᠤᠯᠵᠤ ᠲᠥᠷᠥᠯ ᠵᠦᠢᠯ ᠤᠨ ᠠᠬᠢᠭᠤᠯᠣᠯ ︽ᠲᠣᠯᠠᠭᠠᠴᠨ︾ ᠲᠠᠢ ᠪᠣᠯᠪᠠ
ᠨᠡᠶᠢᠲᠡᠯᠡᠭᠰᠡᠨ ᠴᠠᠭ᠄
2022/7/31
    ᠡᠨᠡ ᠵᠢᠯ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠲᠥᠷᠥᠯ ᠵᠦᠢᠯ ᠤᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠪᠠᠷ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠴᠢᠬᠤᠯᠠ ᠭᠠᠷᠳᠠᠴᠠ ᠪᠠ ᠬᠥᠭᠵᠢᠭᠦᠯᠦᠨ ᠮᠠᠨᠳᠤᠭᠤᠯᠬᠤ ᠶᠢᠨ ᠳᠠᠶᠢᠴᠢᠯᠠᠬᠤ ᠬᠦᠴᠦᠨ ᠪᠣᠯᠭᠠᠵᠤ᠂ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠳᠬᠤᠨ᠂ ᠠᠵᠤ ᠦᠢᠯᠡᠰ ᠢ ᠬᠥᠭᠵᠢᠭᠦᠯᠦᠨ᠂ ᠪᠣᠳᠠᠲᠤ ᠴᠣᠭᠴᠠ ᠶᠢ ᠬᠦᠴᠦᠷᠬᠡᠭᠵᠢᠭᠦᠯᠵᠦ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ᠂ ᠲᠤᠰᠬᠠᠶ ᠠᠩᠭᠢ ᠵᠣᠬᠢᠶᠠᠨ ᠪᠠᠶᠢᠭᠤᠯᠬᠤ᠂ ᠴᠤᠪᠤᠷᠠᠯ ᠢ ᠳᠥᠭᠦᠮᠴᠢᠯᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠵᠠᠩᠭᠢᠯᠠᠭ᠎ᠠ ᠶᠢᠨ ᠭᠤᠭᠴᠤᠭ᠎ᠠ ᠶᠢ ᠨᠢᠭᠡ ᠴᠤᠭᠴᠠᠵᠢᠭᠤᠯᠤᠨ ᠬᠤᠯᠪᠣᠭᠠᠯᠠᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠬᠦᠴᠦᠲᠡᠶ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠤᠶᠠᠨ ᠬᠠᠲᠠᠨ ᠴᠢᠨᠠᠷ ᠪᠠ ᠨᠥᠭᠡᠴᠡ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃    ᠶᠡᠭᠡ ᠲᠦᠷᠦᠯ ᠵᠦᠢᠯ ᠠᠵᠣ ᠦᠢᠯᠡᠰ ᠤᠨ ᠠᠪᠴᠠᠯᠳᠤᠭ᠎ᠠ ᠶᠢ ᠴᠢᠩᠭᠠᠳᠬᠠᠪᠠ     ︽ᠪᠤᠭᠤᠲᠤ ᠶᠢᠨ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠤᠭᠤᠲᠤ ᠳᠤ ᠦᠢᠯᠡᠳᠪᠦᠷᠢ ᠪᠠᠶᠢᠭᠤᠯᠤᠭᠰᠠᠨ 20 ᠭᠠᠷᠤᠢ ᠵᠢᠯ ᠤᠨ ᠲᠤᠷᠰᠢ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠦᠨᠡᠨ ᠰᠡᠳᠬᠢᠯ ᠤᠨ ᠬᠠᠪᠰᠤᠷᠤᠯᠭ᠎ᠠ ᠶᠢ ᠣᠯᠵᠠᠢ᠂ ᠶᠠᠭ ᠡᠶᠢᠮᠦᠷᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠ ᠦᠢᠯᠡᠴᠢᠯᠡᠭᠡᠨ ᠤ ᠪᠠᠲᠤᠯᠠᠭ᠎ᠠ ᠨᠢ ᠮᠠᠨ ᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠡᠢ᠃ ᠡᠨᠡ ᠵᠢᠯ᠂ ᠪᠢᠳᠡ ᠪᠤᠭᠤᠲᠤ ᠳᠤ ᠪᠠᠰᠠ ᠪᠠᠯᠠ ᠣᠷᠣᠭᠤᠯᠤᠨ ︿ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ﹀ ᠤᠨ ᠰᠢᠨ᠎ᠡ ᠲᠥᠷᠥᠯ ᠵᠦᠢᠯ ᠢ ᠪᠥᠲᠥᠭᠡᠨ ᠪᠠᠶᠢᠭᠤᠯᠪᠠ᠂ ᠡᠨᠡ ᠨᠢ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠪᠥᠭᠡᠳ ᠪᠠᠰᠠ ᠪᠥᠬᠦ ᠪᠥᠮᠪᠥᠷᠴᠡᠭ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠰᠠᠭᠤᠷᠢᠨ ᠭᠠᠵᠠᠷ ᠪᠣᠯᠭᠠᠨ ᠳᠡᠭᠡᠭᠰᠢᠯᠡᠭᠦᠯᠬᠦ ᠪᠣᠯᠤᠨ᠎ᠠ᠃ ᠲᠦᠷᠦᠭᠦᠬᠡᠨ᠂ ᠪᠤᠭᠤᠲᠤ ᠶᠢᠨ ᠶᠦᠨ ᠱᠧᠩ ᠤᠨ ︽15000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠣᠶᠤᠨᠴᠢ ᠦᠢᠯᠡᠳᠬᠦ ᠲᠦᠷᠦᠯ ᠵᠦᠢᠯ︾ ᠤᠨ ᠰᠠᠭᠤᠷᠢ ᠲᠠᠯᠪᠢᠬᠤ ᠶᠣᠰᠣᠯᠠᠯ ᠳᠡᠭᠡᠷ᠎ᠡ᠂ ᠨᠢᠩᠪᠦ᠋ᠸᠧ ᠶᠢᠨ ᠶᠦᠨ ᠱᠧᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠶᠡᠷᠦᠩᠬᠡᠢ ᠵᠠᠬᠢᠷᠤᠭᠴᠢ ᠵᠦ ᠰᠢᠶᠤᠤ ᠳ᠋ᠦᠩ ᠬᠡᠯᠡᠪᠡ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠡᠬᠢᠯᠡᠨ ᠪᠠᠶᠢᠭᠤᠯᠤᠭᠰᠠᠨ ᠶᠠᠪᠤᠳᠠᠯ ᠪᠣᠯ ︽ᠬᠤᠶᠠᠳᠠᠬᠢ ᠦᠢᠯᠡᠰ ᠴᠣᠭᠴᠠᠯᠠᠬᠤ︾ ᠠᠶᠠᠨ ᠵᠠᠮ ᠳᠠᠬᠢ ᠨᠢᠭᠡᠨ ᠴᠢᠬᠤᠯᠠ ᠬᠠᠭᠤᠳᠠᠰᠤ ᠪᠣᠯᠬᠤ ᠪᠥᠭᠡᠳ ᠠᠵᠤ ᠠᠬᠤᠶᠢᠯᠠᠯ ᠤᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠤ ᠠᠵᠤ ᠦᠢᠯᠡᠰ ᠨᠢ ︽ᠲᠣᠭᠠᠴᠢᠯᠠᠭᠰᠠᠨ ᠦᠢᠯᠡᠳᠪᠦᠷᠢ ᠶᠢᠨ ᠲᠠᠰᠤᠭ︾ ᠪᠠ ︽ᠬᠠᠷ᠎ᠠ ᠳ᠋ᠧᠩ ᠤᠨ ᠦᠢᠯᠡᠳᠪᠦᠷᠢ︾ ᠶᠢᠨ ᠣᠶᠤᠨᠴᠢ ᠦᠢᠯᠡᠳᠬᠦ ᠦᠢᠯᠡᠰ ᠤᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠬᠠᠷᠠᠭᠤᠯᠵᠤ ᠪᠠᠶᠢᠨ᠎ᠠ᠃      ᠭᠤᠣᠯᠳᠠᠯᠭ᠎ᠠ ᠲᠠᠢ ᠲᠥᠷᠥᠯ ᠵᠦᠢᠯ ᠪᠣᠯ ᠣᠷᠣᠨ ᠪᠦᠰᠡ ᠶᠢᠨ ᠬᠥᠭᠵᠢᠯᠲᠡ ᠶᠢ ᠲᠦᠷᠭᠡᠳᠬᠡᠬᠦ ᠬᠦᠴᠦᠷᠬᠡᠭ ᠬᠥᠳᠡᠯᠭᠡᠭᠦᠷ ᠪᠣᠯᠤᠨ ᠬᠠᠲᠠᠭᠤ ᠲᠤᠯᠭᠠᠭᠤᠷᠢᠯᠠᠯ ᠪᠣᠯᠤᠨ᠎ᠠ᠃ ᠡᠨᠡ ᠵᠢᠯ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠭᠤᠤᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠢ 82 ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 280 . 23 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 121 . 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ 6 ᠰᠠᠷ᠎ᠠ ᠶᠢᠨ ᠰᠡᠭᠦᠯᠴᠢ ᠪᠣᠯᠲᠠᠯ᠎ᠠ᠂ 82 ᠲᠦᠷᠦᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ 91 . 9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠪᠦᠲᠦᠴᠡ ᠶᠢ ᠲᠣᠬᠢᠷᠠᠭᠤᠯᠬᠤ ᠪᠠ ᠨᠡᠮᠡᠭᠳᠡᠯ ᠢ ᠲᠣᠭᠲᠠᠪᠤᠷᠢᠵᠢᠭᠤᠯᠬᠤ ᠲᠡᠩᠴᠡᠭᠦᠷᠢ ᠶᠢᠨ ᠴᠡᠭ ᠢ ᠰᠠᠶᠢᠲᠤᠷ ᠡᠵᠡᠮᠰᠢᠪᠡᠯ ᠰᠠᠶ᠋ᠢ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ ᠴᠢᠳᠠᠨ᠎ᠠ᠂ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠵᠦᠢᠯᠡᠰ ᠢ ᠡᠬᠢᠯᠡᠭᠦᠯᠬᠦ ᠪᠣᠯ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠡᠨᠡ ᠵᠢᠯ ᠤᠨ ᠡᠬᠢ ᠪᠠᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠨᠡᠶᠢᠲᠡᠯᠡᠵᠦ᠂ ᠬᠡᠷᠡᠭᠵᠢᠭᠦᠯᠦᠭᠰᠡᠨ 125 ᠭᠤᠤᠯᠳᠠᠯᠭ᠎ᠠ ᠲᠠᠢ ᠲᠥᠷᠥᠯ ᠵᠦᠢᠯ ᠨᠢ ᠠᠵᠤ ᠦᠢᠯᠡᠳᠪᠦᠷᠢ᠂ ᠨᠡᠶᠢᠭᠡᠮ ᠤᠨ ᠦᠢᠯᠡᠰ᠂ ᠬᠡᠷ ᠭᠠᠵᠠᠷ ᠬᠥᠷᠥᠩᠭᠡ ᠵᠡᠷᠭᠡ ᠭᠤᠷᠪᠠᠨ ᠶᠡᠭᠡ ᠬᠦᠷᠢᠶᠡᠨ ᠤ 16 ᠬᠤᠪᠢᠶᠠᠷᠢ ᠵᠦᠢᠯ ᠢ ᠬᠠᠮᠤᠷᠴᠠᠶ᠃     ᠡᠨᠡ ᠬᠦ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠢᠷᠡᠭᠡᠳᠦᠶ ᠶᠢᠨ ᠬᠥᠭᠵᠢᠯᠲᠡ ᠶᠢᠨ ᠲᠥᠷᠥᠯ ᠵᠦᠢᠯ ᠤᠨ ︽ᠬᠡᠪᠴᠢᠶ᠎ᠡ︾ ᠳᠤ ᠠᠩᠬᠠᠷᠤᠯ ᠢᠶᠠᠨ ᠬᠠᠨᠳᠤᠭᠤᠯᠵᠤ᠂ ᠬᠤᠪᠣᠷ ᠰᠢᠷᠣᠶ᠂ ᠬᠥᠩᠭᠡᠨ ᠴᠠᠭᠠᠨ ᠵᠡᠰ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠵᠡᠷᠭᠡ ᠲᠤᠯᠭᠠᠭᠤᠷᠢ ᠠᠵᠤ ᠦᠢᠯᠡᠰ ᠤᠨ ᠲᠣᠭᠤᠷᠢᠨ ᠳᠤ ᠭᠤᠤᠯᠳᠠᠯᠭ᠎ᠠ ᠲᠠᠢ ᠬᠦᠴᠦᠯᠡᠵᠦ᠂ ︽ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠵᠦ᠂ ᠠᠵᠤ ᠦᠶᠢᠯᠡᠰᠵᠢᠯᠲᠡ ᠶᠢ ᠪᠡᠶᠡᠯᠡᠭᠦᠯᠬᠦ︾ ᠪᠠᠷ ᠣᠷᠣᠨ ᠢᠶᠠᠨ ᠪᠠᠶᠢᠭᠤᠯᠬᠤ ᠡᠭᠦᠷᠭᠡ ᠪᠣᠯᠭᠠᠭᠰᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠥᠭᠡᠭᠡᠵᠦ ᠭᠦᠢᠴᠡᠬᠦ ᠳᠠᠪᠠᠵᠤ ᠭᠠᠷᠬᠤ ᠶᠢ ᠠᠬᠢᠭᠤᠯᠵᠤ᠂ ︽ᠲᠥᠷᠥᠯ ᠵᠦᠢᠯ︾   ᠢ ᠬᠦᠴᠦᠯᠡᠨ ᠡᠮᠣᠨᠡᠰᠢᠯᠡᠭᠦᠯᠵᠣ ᠪᠣᠢ᠃     ᠣᠳᠣᠬᠠᠨ ᠳᠤ᠂ ᠺᠧ ᠲᠢᠶᠠᠨ ᠰᠣᠷᠢᠨᠵᠢᠨ ᠤ ᠦᠢᠯᠡᠰ ᠤᠨ ᠬᠢᠵᠠᠭᠠᠷᠲᠤ ᠺᠣᠮᠫᠠᠨᠢ ᠵᠢᠯ ᠳᠤ 8000 ᠲᠣᠨ ᠳᠡᠭᠡᠳᠦ ᠲᠡᠰ ᠤᠨ ᠴᠢᠳᠠᠪᠬᠢᠳᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠵᠢᠴᠢ ᠲᠤᠨᠤᠭ ᠢ ᠦᠢᠯᠡᠳᠪᠦᠷᠢᠯᠡᠵᠦ᠂ ᠪᠤᠭᠤᠲᠤ ᠶᠢᠨ ᠨᠢ ᠴᠤᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 20000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠨᠤᠨᠲᠠᠭ ᠦᠢᠯᠡᠳᠪᠦᠷᠢᠯᠡᠨ ᠂ ᠪᠤᠭᠤᠲᠤ ᠶᠢᠨ ᠮᠠᠢ ᠭᠦ ᠯᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 5000 ᠲᠣᠨ ᠳᠡᠭᠡᠳᠦ ᠴᠢᠳᠠᠪᠬᠢᠳᠦ ᠨᠧᠦᠳᠢᠮ ᠲᠡᠮᠦᠷ ᠪᠤᠷ ᠢ ᠰᠢᠲᠠᠭᠠᠨ ᠪᠠᠷᠢᠯᠳᠤᠭᠤᠯᠬᠤ᠂ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ᠤᠨ ᠬᠤᠶᠠᠳᠤᠭᠠᠷ ᠬᠤᠭᠤᠴᠠᠭᠠᠨ ᠤ 20 G W ᠲᠠᠩ ᠲᠠᠯᠠᠰᠲᠤ ᠴᠠᠬᠢᠭᠤᠷ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠠᠭ ᠪᠠᠴᠢᠮ ᠶᠠᠭᠠᠷᠠᠯᠲᠠᠢ ᠠᠵᠢᠯᠯᠠᠵᠤ ᠪᠤᠢ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠲᠠᠢ ᠬᠠᠷᠭᠤᠭᠤᠯᠤᠨ ︽ᠴᠠᠭ ᠤᠨ ᠬᠦᠰᠦᠨᠦᠭᠲᠦ︾᠂ ︽ᠵᠠᠮ ᠱᠤᠭᠤᠮ ᠤᠨ ᠵᠢᠷᠤᠭ︾ ᠢ ᠵᠢᠭᠰᠠᠭᠠᠵᠤ᠂ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠡᠮᠦᠨᠡᠬᠢ ᠬᠤᠭᠤᠴᠠᠭᠠᠨ ᠳᠤ ᠡᠵᠡᠮᠳᠡᠬᠦ ᠵᠢᠴᠢ ᠠᠰᠠᠭᠤᠳᠠᠯ ᠢ ᠰᠤᠳᠤᠯᠤᠨ ᠮᠠᠭᠠᠳᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠪᠠᠷᠢᠯᠭ᠎ᠠ ᠶᠢᠨ ᠠᠵᠢᠯ ᠢ ᠵᠦᠶ ᠵᠣᠬᠢᠰᠲᠠᠶ ᠳᠣᠭᠢᠷᠠᠭᠤᠯᠵᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠲᠠᠭᠠᠨ᠂ ᠲᠥᠷᠥᠯ ᠵᠦᠢᠯ ᠤᠨ ᠴᠠᠭ ᠬᠤᠭᠤᠴᠠᠭ᠎ᠠ᠂ ᠠᠬᠢᠴᠠ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ ︽ᠭᠤᠷᠪᠠ ᠶᠢ ᠵᠡᠷᠭᠡ ᠳᠤᠨᠢ ᠪᠠᠶᠢᠯᠭᠠᠬᠤ︾ ᠶᠢ ᠪᠡᠶᠡᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠂ ᠡᠳᠦᠷ ᠪᠦᠷᠢ ᠠᠬᠢᠯᠲᠠ ᠲᠠᠢ᠂ ᠭᠠᠷᠠᠭ ᠪᠦᠷᠢ ᠬᠤᠪᠢᠷᠠᠯᠲᠠ ᠲᠠᠢ᠂ ᠰᠠᠷ᠎ᠠ ᠪᠦᠷᠢ ᠰᠢᠨ᠎ᠠ ᠲᠥᠷᠬᠦ ᠲᠠᠢ ᠪᠠᠶᠢᠬᠤ ᠶᠢ ᠪᠡᠶᠡᠯᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠣᠯᠠᠬᠤ︾ ᠶᠢ ᠠᠭᠢᠭᠤᠯᠵᠣ ᠪᠣᠢ᠃       ᠣᠨᠣᠭᠠᠨ ᠲᠡᠭᠡᠷ᠎ᠡ ᠨᠢ ᠬᠦᠴᠦᠯᠡᠵᠣ ᠦᠢᠯᠡᠴᠢᠯᠡᠭᠡᠨ ᠤ ᠲᠦᠷᠦᠯ ᠵᠦᠢᠯ ᠢ ᠨᠠᠶᠢᠳᠠᠪᠦᠷᠢᠵᠢᠭᠤᠯᠪᠠ       ᠪᠤᠭᠤᠲᠤ ᠶᠢᠨ ᠯᠢ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠦᠬᠡᠨ ᠵᠤᠤᠬ᠎ᠠ ᠶᠢᠨ ᠤᠯᠠᠶᠢᠰᠬᠠᠨ ᠰᠢᠲᠠᠭᠠᠬᠤ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠬᠤᠪᠣᠷ ᠰᠢᠷᠣᠢ ᠶᠢᠨ ᠨᠡᠭᠦᠷᠡᠰᠦᠬᠦ᠋ᠴᠢᠯ ᠤᠨ ᠳᠠᠪᠤᠰᠤ ᠶᠢ ᠰᠠᠪᠠᠯᠠᠭᠰᠠᠨ 50 ᠭᠠᠷᠤᠢ ᠬᠠᠶᠢᠷᠴᠠᠭ ᠰᠠᠪᠠ ᠶᠠᠭ ᠰᠠᠶᠢᠬᠠᠨ ᠳᠠᠮᠵᠢᠭᠤᠯᠬᠤ ᠪᠦᠰᠡᠨ ᠳᠡᠭᠡᠷ᠎ᠡ 850℃ ᠤᠨ ᠨᠦᠬᠡᠨ ᠵᠤᠤᠬ᠎ᠠ ᠶᠢᠨ ᠳᠣᠲᠣᠷ᠎ᠠ ᠤᠯᠠᠶᠢᠰᠴᠤ᠂ ᠬᠤᠪᠣᠷ ᠰᠢᠷᠣᠢ ᠶᠢᠨ ᠢᠰᠦᠮᠡᠭ ᠢ ᠰᠢᠲᠠᠭᠠᠭᠰᠠᠨ ᠤ ᠳᠠᠷᠠᠭ᠎ᠠ᠂ ᠦᠢᠯᠡᠳᠦᠭᠰᠡᠨ ᠭᠢᠯᠠᠶᠢᠯᠭᠠᠬᠤ ᠨᠤᠨᠲᠠᠭ ᠤᠨ ᠬᠡᠷᠴᠢᠭᠳᠡᠬᠦ ᠨᠤᠷᠮ᠎ᠠ ᠨᠢ ᠨᠡᠩ ᠴᠢᠩᠭ᠎ᠠ ᠪᠣᠯᠵᠣ ᠪᠠᠶᠢᠨ᠎ᠠ᠂ ᠭᠡᠷᠡᠯ ᠤᠨ ᠤᠬᠠᠭᠠᠨ ᠤ ᠦᠵᠡᠭᠳᠡᠯ᠂ ᠥᠨᠳᠥᠷ ᠲᠣᠯᠢᠨ ᠤ ᠭᠠᠳᠠᠷᠭᠤ ᠶᠢ ᠰᠢᠢᠳᠪᠦᠷᠢᠯᠡᠬᠦ ᠤᠷ᠎ᠠ ᠮᠡᠷᠭᠡᠵᠢᠯ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠵᠡᠭᠳᠡᠯ᠂ ᠴᠠᠬᠢᠮ᠂ ᠬᠤᠷᠠᠮᠠᠯ ᠴᠠᠬᠢᠯᠭᠠᠨ ᠬᠡᠯᠬᠢᠶ᠎ᠡ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠢ ᠭᠢᠯᠠᠶᠢᠯᠭᠠᠬᠤ ᠳᠤ ᠥᠷᠭᠡᠨ ᠢᠶᠠᠷ ᠬᠡᠷᠡᠭᠯᠡᠭᠰᠡᠨ ᠲᠤᠰ ᠦᠢᠯᠡᠳᠬᠦᠨ ᠨᠢ ᠨᠢᠭᠡᠨᠲᠡ ᠵᠢᠶᠠᠩᠰᠦ ᠵᠧᠵᠢᠶᠠᠩ᠂ ᠭᠤᠸᠠᠩᠳᠦ᠋ᠩ ᠵᠡᠷᠭᠡ ᠤᠯᠠᠨ ᠠᠵᠤ ᠠᠬᠤᠶᠢᠯᠠᠯ ᠤᠨ ᠵᠠᠬᠢᠶᠠᠯᠠᠭ᠎ᠠ ᠶᠢ ᠣᠯᠵᠠᠢ᠃      ︽ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠵᠢᠴᠢ ᠺᠣᠮᠫᠠᠨᠢ ᠶᠢᠨ ᠠᠵᠤ ᠦᠶᠢᠯᠡᠰᠵᠢᠯᠲᠡ ᠶᠢ ᠥᠷᠭᠡᠳᠬᠡᠨ ᠬᠥᠭᠵᠢᠭᠦᠯᠬᠦ ᠪᠠ ᠰᠢᠨ᠎ᠡ ᠦᠢᠯᠡᠳᠬᠦᠨ ᠤ ᠰᠤᠳᠤᠯᠤᠨ ᠨᠡᠭᠡᠭᠡᠬᠦ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠪᠢᠳᠡ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠵᠢᠯ ᠳᠤ 3800 ᠲᠣᠨ ᠭᠢᠯᠠᠶᠢᠯᠭᠠᠬᠤ ᠨᠤᠨᠲᠠᠭ ᠤᠨ ᠭᠢᠯᠠᠶᠢᠯᠭᠠᠬᠤ ᠰᠢᠩᠭᠡᠨ ᠵᠢᠴᠢ ᠳᠤᠮᠳᠠ ᠬᠦᠨᠳᠦ ᠬᠤᠪᠣᠷ ᠰᠢᠷᠣᠶ ᠶᠢᠨ ᠬᠠᠶᠢᠯᠤᠰᠢ ᠶᠢᠨ ᠲᠥᠷᠥᠯ ᠵᠦᠢᠯ ᠢ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠣᠳᠣᠬᠠᠨ ᠳᠤ ᠲᠥᠷᠥᠯ ᠵᠦᠢᠯ ᠢ ᠪᠦᠬᠦᠨ ᠢ ᠳᠠᠭᠤᠰᠬᠠᠵᠤ᠂ ᠡᠨᠡ ᠵᠢᠯ ᠤᠨ ᠵᠢᠱᠢᠯᠲᠡ ᠪᠠᠷ ᠦᠢᠯᠡᠳᠬᠦᠨ ᠤ ᠥᠷᠲᠡᠭ ᠨᠢ 5000 ᠲᠦᠮᠡᠨ ᠲᠥᠭᠦᠷᠢᠭ ᠠᠴᠠ ᠳᠡᠭᠡᠭᠰᠢ ᠳᠤ ᠬᠥᠷᠬᠦ ᠪᠣᠯᠤᠨ᠎ᠠ︾ ᠭᠡᠵᠦ ᠠᠵᠤ ᠠᠬᠤᠶᠢᠯᠠᠯ ᠤᠨ ᠶᠡᠷᠦᠩᠬᠡᠢ ᠳᠠᠭᠠᠭᠠᠮᠠᠯ ᠸᠠᠩ ᠵᠢᠶᠠᠨ ᠵᠢᠶᠦ᠋ᠨ ᠬᠡᠯᠡᠪᠡ᠃       ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠶ ᠶᠢᠨ ᠠᠵᠢᠯ ᠤᠨ ᠠᠮᠢᠨ ᠰᠤᠳᠠᠰᠤ ᠮᠥᠨ ᠃ ᠡᠨᠡ ᠵᠢᠯ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠲᠥᠷᠥᠯ ᠵᠦᠢᠯ ᠤᠨ ᠨᠡᠮᠡᠭᠳᠡᠯ ᠢ ᠲᠣᠭᠲᠠᠪᠤᠷᠢᠵᠢᠭᠤᠯᠬᠤ ︽ᠲᠤᠯᠭᠠᠭᠤᠷᠢ︾᠂ ᠬᠥᠭᠵᠢᠯᠲᠡ ᠶᠢ ᠠᠬᠢᠭᠤᠯᠬᠤ ︽ᠠᠬᠢᠭᠤᠯᠤᠭᠤᠷ︾᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠲᠣᠭᠲᠠᠪᠤᠷᠢᠵᠢᠭᠤᠯᠤᠭᠴᠢ︾᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ︽ᠭᠤᠷᠪᠠᠨ ᠬᠦᠴᠦᠨ ᠢᠶᠠᠷ ᠵᠡᠷᠭᠡᠪᠡᠷ ᠬᠥᠭᠵᠢᠬᠦ︾ ᠪᠣᠯᠭᠠᠵᠤ᠂ ︽ᠲᠥᠷᠥᠯ ᠵᠦᠢᠯ ᠢ ᠠᠩᠬᠠᠷᠴᠤ ᠦᠵᠡᠬᠦ᠂ ᠲᠥᠷᠥᠯ ᠵᠦᠢᠯ ᠤᠨ ᠲᠣᠭᠤᠷᠢᠨ ᠳᠤ ᠠᠯᠢᠪᠠ ᠶᠢ ᠠᠳᠬᠤᠵᠤ ᠬᠢᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ᠂ ᠡᠴᠦᠰ ᠲᠤᠨᠢ ᠲᠤᠯᠲᠠᠯ᠎ᠠ ᠠᠳᠬᠤᠬᠤ︾ ︽ᠳᠥᠷᠪᠡᠨ ᠨᠢᠭᠡ︾ ᠶᠢᠨ ᠠᠬᠢᠭᠤᠯᠬᠤ ᠲᠣᠭᠲᠠᠴᠠ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠲᠦᠷᠦᠭᠦᠯᠡᠨ ︽ᠲᠦᠷᠦᠭᠦᠦ ᠦᠢᠯᠡᠴᠢᠯᠡᠭᠡᠨ ᠤ ᠲᠤᠰᠬᠠᠶ ᠲᠤᠰᠢᠶᠠᠯᠲᠠᠨ︾ ᠪᠣᠯᠵᠣ᠂ ᠡᠮᠦᠨ᠎ᠡ ᠹᠷᠣᠨᠲ ᠲᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠲᠦᠪᠡᠭᠲᠡᠶ ᠵᠥᠷᠢᠴᠡᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠣ ᠪᠣᠢ᠃     ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ︽ᠲᠡᠷᠢᠭᠦᠨ ᠴᠢᠬᠤᠯᠠ ᠶᠠᠪᠤᠳᠠᠯ︾ ᠪᠣᠯᠭᠠᠵᠤ᠂ ︽ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ ᠠᠪᠬᠤ︾᠂ ︽ᠭᠤᠷᠪᠠᠨ ᠲᠥᠷᠥᠯ ᠤᠨ 500 ᠬᠦᠴᠦᠷᠬᠡᠭ︾᠂ ︽ᠲᠤᠰᠬᠠᠶ ᠨᠠᠷᠢᠯᠢᠭ ᠥᠪᠡᠷᠮᠢᠴᠡ ᠰᠢᠨ᠎ᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠲᠠᠰ ᠳᠠᠪᠬᠤᠷᠭ᠎ᠠ ᠪᠠᠷ ᠥᠨᠳᠥᠷ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠳᠠᠯᠳᠠ ᠬᠦᠴᠦᠨ ᠢᠶᠠᠷ ᠭᠦᠢᠴᠡᠳ ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷᠲᠠᠶ ᠲᠥᠷᠥᠯ ᠵᠦᠢᠯ ᠪᠠ ᠬᠥᠲᠥᠴᠢ ᠠᠵᠤ ᠠᠬᠤᠶᠢᠯᠠᠯ ᠢ ᠣᠨᠣᠪᠴᠢᠲᠠᠶ ᠪᠠᠷ ᠣᠷᠣᠭᠤᠯᠤᠨ ᠠᠪᠴᠢᠷᠠᠵᠤ᠂ ︽ᠨᠢᠭᠡ ᠪᠦᠯᠦᠭ ᠢ ᠤᠬᠠᠭᠠᠯᠠᠨ ᠨᠥᠭᠡᠴᠡᠯᠡᠬᠦ᠂ ᠨᠢᠭᠡ ᠪᠦᠯᠦᠭ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠨᠢᠭᠡ ᠪᠦᠯᠦᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ︾ ᠲᠥᠷᠥᠯ ᠵᠦᠢᠯ ᠢ ᠱᠠᠲᠤᠯᠢᠭ ᠢᠶᠠᠷ ᠠᠬᠢᠭᠤᠯᠵᠤ᠂ ᠦᠷᠭᠦᠯᠵᠢᠯᠡᠨ ᠬᠥᠭᠵᠢᠭᠦᠯᠬᠦ ᠪᠠᠶᠢᠷᠢᠰᠢᠯ ᠢ ᠪᠣᠶ ᠪᠣᠯᠭᠠᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠨᠢᠭᠡ ᠵᠦᠢᠯ ᠤᠨ ︽ᠡᠭᠦᠷᠢᠳᠡ ᠠᠵᠢᠯ ᠳᠠᠭᠤᠰᠬᠠᠬᠤ ᠦᠭᠡᠢ ᠢᠨᠵᠧᠨᠧᠷᠢᠩ︾ ᠪᠣᠯᠭᠠᠵᠤ᠂ ︽ᠬᠡᠷᠡᠭᠯᠡᠭᠴᠢ ᠶᠢᠨ ᠰᠡᠳᠬᠢᠬᠦᠢ︾᠂ ︽ᠬᠡᠷᠡᠭᠯᠡᠭᠴᠢ ᠶᠢᠨ ᠪᠡᠶᠡᠴᠢ ᠣᠶᠢᠯᠠᠭᠠᠯᠲᠠ︾ ᠶᠢ ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠲᠠᠯ᠎ᠠ ᠶᠢᠨ᠂ ᠪᠦᠬᠦ ᠡᠯᠧᠮᠧᠨ᠋ᠲ ᠤᠨ᠂ ᠪᠦᠬᠦ ᠦᠶᠡᠯᠡᠯ ᠤᠨ ᠬᠤᠭᠤᠴᠠᠭᠠᠨ ᠤ ᠪᠠᠲᠤᠯᠠᠭ᠎ᠠ ᠬᠠᠩᠭᠠᠵᠤ᠂ ︽ᠰᠢᠯᠢᠳᠡᠭ ᠦᠢᠯᠡᠴᠢᠯᠡᠭᠴᠢ︾ ᠪᠣᠯᠭᠠᠨ᠎ᠠ᠃     ᠬᠡᠳᠦᠨ ᠰᠠᠷ᠎ᠠ ᠶᠢᠨ ᠲᠤᠷᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠵᠢᠭᠰᠠᠯ᠂ ᠪᠠᠯᠠ ᠣᠷᠣᠭᠤᠯᠤᠯᠲᠠ ᠶᠢᠨ ᠭᠠᠵᠠᠷ ᠤᠨ ᠵᠢᠷᠤᠭ᠂ ᠠᠷᠠᠯᠵᠢᠶᠠᠴᠢᠨ ᠤᠷᠢᠬᠤ ᠭᠠᠵᠠᠷ ᠤᠨ ᠵᠢᠷᠤᠭ ᠤᠨ ︽ᠭᠤᠷᠪᠠᠨ ᠵᠢᠷᠤᠭ︾ ᠢ ᠰᠠᠶᠢᠲᠤᠷ ᠲᠥᠯᠥᠪᠵᠢᠭᠦᠯᠦᠨ ᠠᠰᠢᠭᠯᠠᠵᠤ᠂ ᠲᠥᠷᠥᠯ ᠵᠦᠢᠯ ᠣᠷᠣᠭᠤᠯᠤᠨ ᠠᠪᠴᠢᠷᠠᠬᠤ ᠲᠠᠯ᠎ᠠ ᠪᠠᠷ ᠦᠷ᠎ᠡ ᠪᠦᠲᠦᠭᠡᠯ ᠭᠠᠷᠭᠠᠵᠤ᠂ ᠲᠥᠷᠥᠯ ᠵᠦᠢᠯ ᠤᠨ ᠦᠢᠯᠡᠴᠢᠯᠡᠭᠡᠨ ᠤ ᠲᠠᠯ᠎ᠠ ᠪᠠᠷ ᠬᠤᠰᠢᠭᠤᠴᠢ ᠪᠣᠯᠣᠨ᠂ ᠠᠵᠤ ᠠᠬᠤᠶ ᠶᠢᠨ ᠬᠥᠭᠵᠢᠯᠲᠡ ᠶᠢᠨ ᠳᠤᠮᠳᠠ ᠬᠦᠨᠳᠦ ᠡᠭᠦᠷᠭᠡ ᠶᠢ ᠡᠭᠦᠷᠭᠡᠯᠡᠵᠦ᠂ 125 ᠴᠢᠬᠤᠯᠠ ᠶᠡᠭᠡ ᠲᠥᠷᠥᠯ ᠵᠦᠢᠯ ᠤᠨ ᠵᠢᠯ ᠤᠨ ᠳᠣᠲᠣᠷ᠎ᠠ 75 ᠠᠴᠠ ᠳᠡᠭᠡᠭᠰᠢᠬᠢ ᠶᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠳᠣᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号