ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠦᠷᠦᠭᠦᠦ 5 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠰᠠᠶᠢᠵᠢᠷᠠᠯ ᠠᠮᠢᠯᠠᠯ ᠤᠨ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2022/7/31
   ᠡᠨᠡ ᠵᠢᠯ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠪᠠᠷᠢᠮᠲᠠᠯᠠᠵᠤ᠂ 1 - 5 ᠰᠠᠷ᠎ᠠ ᠳᠤ ᠠᠵᠤ ᠠᠬᠤᠶ ᠶᠢᠨ ᠡᠷᠭᠢᠯᠲᠡ ᠳᠤ ᠦᠷᠭᠦᠯᠵᠢᠯᠡᠨ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠪᠡ   ᠨᠢᠭᠡ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠠᠰᠢᠭᠯᠠᠯᠲᠠ ᠳᠤ ᠣᠷᠣᠭᠤᠯᠬᠤ ᠳᠡᠭᠡᠳᠦ ᠬᠢᠵᠠᠭᠠᠷ ᠨᠢ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠲᠦᠷᠭᠡᠨ ᠨᠡᠮᠡᠭᠳᠡᠬᠦ ᠶᠢ ᠳᠠᠶᠢᠴᠢᠯᠠᠪᠠ     1 - 5 ᠳ᠋ᠤᠭᠠᠷ ᠰᠠᠷ᠎ᠠ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32 . 4 % ᠪᠠᠷ ᠨᠡᠮᠡᠭᠳᠡᠵᠦ᠂ 1 - 4 ᠳ᠋ᠦ᠋ᠭᠡᠷ ᠰᠠᠷ᠎ᠠ ᠶᠢᠨ ᠬᠢ ᠠᠴᠠ ᠵᠠᠭᠤᠨ ᠤ 2 . 7   ᠪᠠᠷ ᠳᠡᠭᠡᠭᠰᠢᠯᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ 14 . 6 ᠥᠨᠳᠥᠷ ᠪᠣᠯᠵᠣ᠂ ᠡᠨᠡ ᠵᠢᠯ ᠠᠴᠠ ᠨᠠᠰᠢ ᠮᠠᠨ ᠤ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠨᠢᠳᠤᠨᠤᠨ ᠤ ᠳᠤᠤᠷ᠎ᠠ ᠬᠠᠭᠠᠰ ᠵᠢᠯ ᠠᠴᠠ ᠨᠠᠰᠢ᠂ ᠭᠤᠤᠯᠳᠠᠯᠭ᠎ᠠ ᠲᠠᠢ ᠲᠥᠷᠥᠯ ᠵᠦᠢᠯ ᠤᠨ ᠬᠤᠤᠰ ᠰᠠᠶᠢᠨ ᠲᠠᠩ ᠲᠠᠯᠠᠰᠲᠤ ᠴᠠᠬᠢᠭᠤᠷ᠂ ᠶᠢᠨ ᠯᠢ ᠲᠣᠭᠲᠠᠮᠠᠯ ᠰᠣᠷᠢᠨᠵᠢᠨ ᠳᠡᠭᠡᠳᠦ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠲᠠᠰ ᠤᠨ ᠲᠣᠭᠲᠠᠮᠠᠯ ᠰᠣᠷᠢᠨᠵᠢᠨ ᠪᠦᠲᠦᠭᠡᠭᠳᠡᠬᠦᠨ ᠤ ᠲᠥᠷᠥᠯ ᠵᠦᠢᠯ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ 3 ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠳᠡᠭᠡᠳᠦ ᠬᠢᠵᠠᠭᠠᠷ ᠨᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠵᠠᠭᠤᠨ ᠤ  4 . 1 ᠪᠠᠷ ᠨᠡᠮᠡᠭᠳᠡᠬᠦ ᠶᠢ ᠳᠠᠶᠢᠴᠢᠯᠠᠪᠠ᠃     ᠠᠵᠢᠯ ᠲᠥᠷᠥᠯ ᠤᠨ ᠲᠥᠷᠥᠯ ᠠᠴᠠ ᠦᠵᠡᠪᠡᠯ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠶᠠᠷ ᠶᠡᠭᠡ ᠲᠥᠷᠥᠯ ᠵᠦᠢᠯ ᠳᠤ ᠬᠤᠯᠪᠣᠭᠳᠠᠵᠤ᠂ ᠡᠭᠦᠨ ᠳᠤ ᠦᠢᠯᠡᠳᠬᠦ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 96 . 4 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 34 . 8 % ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠰᠢᠲᠠᠮᠠᠬᠠᠶ ᠬᠡᠶ ᠪᠠ ᠤᠰᠤᠨ ᠤ ᠬᠠᠩᠭᠠᠯᠭ᠎ᠠ ᠶᠢᠨ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 3 . 6 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2 . 1 % ᠪᠠᠷ ᠪᠠᠭᠤᠷᠠᠪᠠ᠃    ᠠᠵᠢᠯ ᠲᠥᠷᠥᠯ ᠤᠨ ᠶᠡᠭᠡ ᠲᠥᠷᠥᠯ ᠠᠴᠠ ᠦᠵᠡᠪᠡᠯ᠄ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ 20 ᠠᠵᠢᠯ ᠲᠥᠷᠥᠯ ᠤᠨ ᠶᠡᠭᠡ ᠲᠥᠷᠥᠯ ᠬᠤᠯᠪᠣᠭᠳᠠᠵᠤ᠂ 11 ᠠᠵᠢᠯ ᠲᠥᠷᠥᠯ ᠤᠨ ᠨᠡᠮᠡᠭᠳᠡᠯ ᠥᠷᠲᠡᠭ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 55 % ᠳᠤ ᠬᠦᠷᠴᠡᠶ᠃ ᠡᠭᠦᠨ ᠳᠤ ᠡᠵᠡᠯᠡᠬᠦ ᠬᠠᠷᠢᠴᠠᠯ ᠢᠶᠠᠷ ᠬᠠᠮᠤᠭ ᠤᠨ ᠶᠡᠭᠡ ᠭᠤᠷᠪᠠᠨ ᠠᠵᠢᠯ ᠲᠥᠷᠥᠯ ᠨᠢ ᠲᠣᠰ ᠲᠣᠰ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠩᠭᠠᠨ ᠡᠳ᠋ᠰᠢᠭᠦᠯᠬᠦ ᠦᠢᠯᠡᠰ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠪᠠ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠪᠠᠶᠢᠵᠤ᠂ ᠨᠡᠮᠡᠭᠳᠡᠯ ᠤᠨ ᠬᠤᠷᠳᠤᠴᠠ ᠨᠢ ᠲᠣᠰ ᠲᠣᠰ 31 . 9 %᠂ 27 . 2 % ᠪᠠ 88 . 2 %᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠲᠣᠰ ᠲᠣᠰ 17 . 6᠂ 5 . 2 ᠪᠠ ᠵᠠᠭᠤᠨ ᠤ 5 . 3 ᠪᠠᠷ ᠳᠠᠶᠢᠴᠢᠯᠠᠪᠠ᠃      ᠭᠤᠤᠯᠯᠠᠬᠤ ᠠᠵᠤ ᠦᠢᠯᠡᠰ ᠠᠴᠠ ᠦᠵᠡᠪᠡᠯ᠄ ᠬᠤᠪᠣᠷ ᠰᠢᠷᠣᠶ ᠶᠢᠨ ᠠᠵᠤ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 46 . 8 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 74 . 4 % ᠨᠡᠮᠡᠭᠳᠡᠪᠡ᠃ ᠬᠥᠩᠭᠡᠨ ᠴᠠᠭᠠᠨ ᠵᠡᠰ ᠤᠨ ᠠᠵᠤ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 32 . 4 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 13 % ᠨᠡᠮᠡᠭᠳᠡᠪᠡ᠃ ᠲᠣᠨᠣᠭᠯᠠᠯ ᠦᠢᠯᠡᠳᠬᠦ ᠠᠵᠤ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 5 . 5 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 103 . 1 % ᠨᠡᠮᠡᠭᠳᠡᠪᠡ᠃ ᠬᠡᠷᠡᠯ ᠸᠣᠯᠲ ᠤᠨ ᠠᠵᠤ ᠦᠢᠯᠡᠰ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 3 % ᠶᠢ ᠡᠵᠡᠯᠡᠪᠡ᠃     ᠠᠵᠤ ᠠᠬᠤᠶ ᠶᠢᠨ ᠦᠷ᠎ᠡ ᠠᠰᠢᠭ ᠤᠨ ᠭᠦᠢᠴᠡᠳᠬᠡᠯ ᠲᠤᠭ᠎ᠠ ᠠᠴᠠ ᠦᠵᠡᠪᠡᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 1 - 5 ᠰᠠᠷ᠎ᠠ ᠳᠤ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 473 . 16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 53 . 3 % ᠪᠠᠷ ᠨᠡᠮᠡᠭᠳᠡᠪᠡ︔ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 66 . 63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43 . 5 % ᠪᠠᠷ ᠨᠡᠮᠡᠭᠳᠡᠪᠡ︔ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ 141 % ᠬᠦᠷᠪᠠ᠃      ᠬᠤᠶᠠᠷ᠂ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠲᠣᠪᠤᠶᠢᠮ᠎ᠠ ᠪᠣᠯᠪᠠ      1 - 5 ᠰᠠᠷ᠎ᠠ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 61 % ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 26 ᠵᠠᠭᠤᠨ ᠤ ᠴᠡᠭ ᠥᠨᠳᠥᠷ ᠪᠣᠯᠣᠨ᠂ ᠲᠦᠷᠦᠭᠦᠦ 4 ᠰᠠᠷ᠎ᠠ ᠶᠢᠨ ᠬᠢ ᠠᠴᠠ ᠵᠠᠭᠤᠨ ᠤ  43 . 9 ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 306 . 3 % ᠪᠠᠷ ᠨᠡᠮᠡᠭᠳᠡᠪᠡ᠂ ᠡᠭᠦᠨ ᠳᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 327 . 6 % ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠪᠠᠯᠠ ᠣᠷᠣᠭᠤᠯᠤᠯᠲᠠ ᠶᠢᠨ 50 . 4 % ᠶᠢ ᠡᠵᠡᠯᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ  61 . 7 ᠪᠠᠷ ᠳᠠᠶᠢᠴᠢᠯᠠᠪᠠ᠃ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0 . 2 % ᠢᠶᠠᠷ ᠪᠠᠭᠤᠷᠠᠵᠤ᠂ ᠡᠭᠦᠨ ᠳᠤ ᠬᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0 . 9 % ᠪᠠᠷ ᠪᠠᠭᠤᠷᠠᠪᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠢᠯᠡᠳᠲᠡ ᠨᠡᠮᠡᠭᠳᠡᠵᠦ᠂ 1 - 5 ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 1 . 4 ᠳᠠᠬᠢᠨ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠪᠠᠯᠠ ᠣᠷᠣᠭᠤᠯᠤᠯᠲᠠ ᠶᠢᠨ 46 % ᠶᠢ ᠡᠵᠡᠯᠡᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 41 . 2 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2 . 9 ᠳᠠᠬᠢᠨ ᠨᠡᠮᠡᠭᠳᠡᠪᠡ᠂ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠡᠯᠧᠺᠲᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2 . 9 ᠳᠠᠬᠢᠨ ᠨᠡᠮᠡᠭᠳᠡᠵᠦ᠂ ᠴᠠᠬᠢᠯᠭᠠᠨ ᠬᠡᠷᠡᠭᠰᠡᠯ ᠮᠧᠬᠠᠨᠢᠭ ᠪᠣᠯᠤᠨ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1 . 2 ᠳᠠᠬᠢᠨ ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ ᠬᠥᠭᠵᠢᠶᠡᠨ ᠲᠠᠢ ᠪᠣᠯᠵᠣ᠂ 1 - 5 ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 75 . 8 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 92 . 2 % ᠢ ᠡᠵᠡᠯᠡᠨ᠂ ᠪᠥᠬᠦ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 104 . 7 % ᠳᠤ ᠬᠥᠷᠪᠡ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠤᠳᠠᠭᠠᠨ ᠪᠠᠶᠢᠨ᠎ᠠ      1 - 5 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 28 . 08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3 . 9 % ᠪᠠᠷ ᠪᠠᠭᠤᠷᠠᠪᠠ᠃ ᠪᠦᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1 . 2 ᠵᠠᠭᠤᠨ ᠤ ᠬᠤᠪᠢ ᠳᠣᠣᠷ᠎ᠠ᠂ ᠲᠦᠷᠦᠭᠦᠦ 4 ᠰᠠᠷ᠎ᠠ ᠶᠢᠨ ᠬᠢ ᠠᠴᠠ 0 . 8 ᠵᠠᠭᠤᠨ ᠤ ᠬᠤᠪᠢ ᠳᠣᠣᠷ᠎ᠠ᠃ 1 - 5 ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 14 . 08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19 . 3 % ᠪᠠᠷ ᠪᠠᠭᠤᠷᠠᠵᠤ᠂ ᠲᠦᠷᠦᠭᠦᠦ 4 ᠰᠠᠷ᠎ᠠ ᠶᠢᠨ ᠬᠢ ᠠᠴᠠ 1 . 6 ᠵᠠᠭᠤᠨ ᠤ ᠬᠤᠪᠢ ᠶᠢᠨ ᠴᠡᠭ ᠪᠠᠭᠤᠷᠠᠪᠠ︔ ᠡᠭᠦᠨ ᠳᠤ ᠮᠠᠰᠢᠨ ᠲᠡᠷᠭᠡᠨ ᠤ ᠲᠥᠷᠥᠯ ᠤᠨ ᠪᠣᠷᠣᠯᠠᠭᠤᠯᠤᠯᠲᠠ ᠶᠢᠨ ᠬᠡᠮᠵᠢᠶ᠎ᠡ 12 . 81 ᠳ᠋ᠦᠩᠰᠢᠭᠤᠷ ᠲᠥᠭᠦᠷᠢᠭ ᠲᠤ ᠬᠦᠷᠴᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 91 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 19 . 9 % ᠪᠠᠷ ᠪᠠᠭᠤᠷᠠᠨ᠂ ᠲᠦᠷᠦᠭᠦᠦ 4 ᠰᠠᠷ᠎ᠠ ᠶᠢᠨ ᠬᠢ ᠠᠴᠠ ᠵᠠᠭᠤᠨ ᠤ 0 . 9   ᠪᠠᠷ ᠪᠠᠭᠤᠷᠠᠪᠠ︔ ᠴᠢᠯᠠᠭᠤᠨ ᠲᠣᠰᠣᠨ ᠤ ᠲᠥᠷᠥᠯ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠥᠯᠥᠭᠡ ᠪᠠᠷ᠂ ᠲᠦᠷᠦᠭᠦᠦ 5 ᠰᠠᠷ᠎ᠠ ᠳᠤ ᠵᠢᠵᠢᠭᠯᠡᠨ ᠬᠤᠳᠠᠯᠳᠤᠭᠰᠠᠨ ᠲᠤᠭ᠎ᠠ 0 . 01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 98 . 1 % ᠪᠠᠷ ᠪᠠᠭᠤᠷᠠᠨ᠂ ᠳᠡᠭᠡᠷ᠎ᠡ ᠰᠠᠷ᠎ᠠ ᠶᠢᠨ ᠬᠢ ᠠᠴᠠ 0 . 4 ᠵᠠᠭᠤᠨ ᠤ ᠬᠤᠪᠢ ᠶᠢᠨ ᠴᠡᠭ ᠪᠠᠭᠤᠷᠠᠪᠠ᠃ ᠬᠤᠶᠠᠷ ᠶᠡᠭᠡ ᠠᠵᠢᠯ ᠲᠥᠷᠥᠯ ᠤᠨ ᠪᠠᠭᠤᠷᠠᠯᠲᠠ ᠨᠢ ᠮᠠᠨ ᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠦᠷᠭᠦᠯᠵᠢᠯᠡᠨ ᠪᠠᠭᠤᠷᠠᠬᠤ ᠪᠠᠶᠢᠳᠠᠯ ᠲᠠᠢ ᠪᠣᠯᠭᠠᠪᠠ᠃     5 ᠳ᠋ᠣᠭᠠᠷ ᠰᠠᠷ᠎ᠠ ᠠᠴᠠ ᠨᠠᠰᠢ᠂ ᠪᠥᠬᠦ ᠤᠯᠤᠰ ᠤᠨ ᠬᠢᠵᠢᠭ ᠤᠨ ᠪᠠᠶᠢᠳᠠᠯ ᠰᠠᠶᠢᠵᠢᠷᠠᠵᠤ᠂ ᠮᠠᠰᠢᠨ ᠲᠡᠷᠭᠡᠨ ᠤ ᠳᠡᠭᠡᠳᠦ ᠤᠷᠤᠰᠬᠠᠯ ᠤᠨ ᠬᠠᠩᠭᠠᠯᠭ᠎ᠠ ᠬᠦᠷᠦᠯᠴᠡᠬᠦ ᠥᠬᠡᠶ ᠪᠠᠶᠢᠳᠠᠯ ᠨᠠᠮᠳᠠᠵᠤ᠂ ᠱᠠᠩᠬᠠᠶ ᠶᠢᠨ ᠳ᠋ᠠ ᠵᠥᠩ᠂ ᠨᠢᠭᠡᠳᠦᠭᠡᠷ ᠮᠠᠰᠢᠨ ᠲᠡᠷᠭᠡᠨ ᠤ ᠪᠦᠯᠦᠭᠯᠡᠯ ᠤᠨ ᠳ᠋ᠠ ᠵᠥᠩ᠂ ᠳ᠋ᠦᠩ ᠹᠧᠩ ᠪᠧᠨ ᠲᠢᠶᠠᠨ᠂ ᠴᠠᠩ ᠠᠨ ᠵᠡᠷᠭᠡ ᠨᠠᠷᠠᠲᠤ ᠲᠡᠮᠳᠡᠭᠲᠦ ᠨᠡᠯᠢᠶᠡᠳ ᠰᠠᠶᠢᠨ ᠨᠡᠮᠡᠭᠳᠡᠯ ᠢ ᠪᠡᠶᠡᠯᠡᠭᠦᠯᠵᠦ᠂ 5 ᠰᠠᠷ᠎ᠠ ᠳᠤ ᠮᠠᠰᠢᠨ ᠲᠡᠷᠭᠡᠨ ᠤ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠲᠤᠭ᠎ᠠ 2 . 7 ᠳ᠋ᠦᠩᠰᠢᠭᠤᠷ ᠲᠥᠭᠦᠷᠢᠭ ᠲᠤ ᠬᠦᠷᠦᠨ᠂ ᠭᠠᠷᠠᠬᠠᠨ ᠬᠠᠷᠢᠴᠠᠯ ᠢᠶᠠᠷ 29 . 8 % ᠪᠠᠷ ᠨᠡᠮᠡᠭᠳᠡᠪᠡ᠃     ᠲᠣᠰᠣᠨ ᠤ ᠦᠨ᠎ᠡ ᠶᠢᠨ ᠥᠰᠥᠯᠲᠡ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠣᠯᠠᠭᠤᠯᠤᠯᠲᠠ ᠳᠤ ᠰᠡᠳᠡᠯᠲᠡ ᠥᠭᠴᠦ᠂ ᠲᠦᠷᠦᠭᠦᠦ 5 ᠰᠠᠷ᠎ᠠ ᠳᠤ 1 . 1 ᠳ᠋ᠦᠩᠰᠢᠭᠤᠷ ᠲᠥᠭᠦᠷᠢᠭ ᠤᠨ ᠪᠣᠷᠣᠯᠠᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 209 . 1 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 14 ᠰᠠᠷ᠎ᠠ ᠶᠢᠨ ᠬᠢ ᠠᠴᠠ 76 . 6 ᠵᠠᠭᠤᠨ ᠤ ᠨᠢᠭᠡᠴᠢ ᠳᠡᠭᠡᠭᠰᠢᠯᠡᠵᠡᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号