︽ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ︾ ᠠᠵᠢᠯᠯᠠᠭ᠎ᠠ ᠳᠤ ᠨᠠᠰᠤᠲᠠᠶᠢᠴᠤᠳ ᠤᠨ ︽ᠵᠣᠭᠤᠰᠣᠨ ᠤᠭᠤᠲᠠ︾᠎ ᠶᠢ ᠰᠠᠶᠢᠲᠤᠷ ᠰᠠᠬᠢᠶ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠠᠵᠢᠯᠯᠠᠭ᠎ᠠ ᠠᠪᠴᠤ ᠪᠣᠶ ︵ᠵᠢᠷᠭᠤᠭ᠎ᠠ︶
ᠨᠡᠶᠢᠲᠡᠯᠡᠭᠰᠡᠨ ᠴᠠᠭ᠄
2022/7/5
    ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠷᠭᠡᠨ ᠣᠯᠠᠨ ᠨᠠᠰᠤᠲᠠᠶᠢᠴᠤᠳ ᠤᠨ ᠮᠡᠬᠡᠯᠡᠯ ᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠣ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾᠎ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠨᠠᠶᠢᠳᠠᠪᠦᠷᠵᠢᠭᠤᠯᠣᠨ᠂ ᠡᠯ᠎ᠡ ᠲᠥᠷᠥᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠲᠤᠬᠠᠢ ᠲᠠᠨᠢᠯᠲᠠ ᠪᠠ ᠣᠷᠣᠯᠴᠠᠬᠤ  ᠬᠡᠮᠵᠶ᠎ᠡ ᠶᠢ ᠲᠡᠭᠡᠭᠰᠢᠯᠡᠭᠦᠯᠦᠨ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠤᠨ ᠤᠬᠠᠭᠤᠯᠭ᠎ᠠ ᠬᠥᠮᠦᠵᠢᠯ ᠤᠨ ᠠᠵᠢᠯ ᠢ ᠴᠢᠨᠠᠭᠰᠢᠳᠠ ᠠᠬᠢᠭᠤᠯᠬᠤ ᠪᠠᠷ ᠤᠢᠢᠷ᠎ᠠ ᠳᠤ᠂ ᠮᠠᠨ ᠤ ᠬᠤᠷᠢᠶ᠎ᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠭᠦᠬᠦ ᠬᠤᠷᠢᠶ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠲᠠᠢ ᠬᠠᠮᠲᠤᠷᠠᠨ ᠸᠧᠲ᠋ᠦ᠋ ᠶᠠᠩ ᠭᠤᠸᠠᠩ  ᠬᠤᠷᠢᠶᠠᠯᠠᠯ ᠳᠤ ᠬᠦᠷᠴᠦ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾᠎ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃     ᠪᠠᠶᠢᠴᠠᠭᠠᠬᠤ ᠺᠠᠳ᠋ᠷ ᠴᠠᠭᠳᠠᠭ᠎ᠠ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠮᠡᠬᠡᠯᠡᠭᠴᠢ ᠶᠢᠨ ᠬᠡᠷᠡᠭᠯᠡᠵᠦ ᠳᠠᠳᠤᠭᠰᠠᠨ ᠠᠷᠭ᠎ᠠ ᠪᠠᠷᠢᠯ᠂ ᠬᠡᠷᠡᠭ ᠬᠢᠬᠦ ᠠᠷᠭ᠎ᠠ ᠮᠠᠶ᠋ᠢᠭ ᠵᠡᠷᠭᠡ ᠬᠤᠯᠪᠣᠭᠳᠠᠯ ᠪᠥᠬᠦᠶ ᠮᠡᠳᠡᠯᠭᠡ ᠶᠢ ᠨᠠᠰᠤᠲᠠᠶᠢᠴᠤᠳ ᠤᠨ ᠰᠣᠨᠣᠰᠴᠤ ᠣᠶᠢᠯᠠᠭᠠᠬᠤ ︽ᠶᠠᠷᠢᠶᠠᠨ ᠤ ᠬᠡᠯᠡ︾᠂ ︽ᠦᠨᠡᠨ ᠦᠭᠡ︾ ᠪᠣᠯᠭᠠᠨ ᠬᠤᠪᠢᠷᠠᠭᠤᠯᠵᠤ᠂ ᠲᠡᠳᠡᠨ ᠳᠤ ᠬᠡᠷᠪᠡ ᠰᠡᠵᠢᠭᠯᠡᠯᠲᠡᠶ ᠪᠠᠶᠢᠳᠠᠯ ᠲᠣᠬᠢᠶᠠᠯᠳᠤᠪᠠᠯ᠂ ᠦᠷ᠎ᠡ ᠬᠡᠤᠬᠡᠳ ᠲᠠᠢ ᠪᠠᠨ ᠢᠯᠡᠭᠦᠬᠡᠨ ᠵᠥᠪᠳᠡᠯᠴᠡᠬᠦ ᠪᠤᠶᠤ ᠳᠠᠷᠦ᠋ᠢᠬᠠᠨ ᠴᠠᠭᠳᠠᠭᠠᠨ ᠳᠤ ᠮᠡᠳᠡᠭᠦᠯᠵᠦ᠂ ᠥᠪᠡᠷ ᠤᠨ ︽ᠨᠠᠰᠤᠵᠢᠯ ᠤᠨ ᠠᠰᠠᠷᠠᠮᠵᠢ ᠶᠢᠨ ᠮᠥᠩᠭᠦ︾᠎ ᠪᠠᠨ ᠰᠠᠶᠢᠲᠤᠷ ᠰᠠᠬᠢᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃     ᠡᠭᠦᠨ ᠤ ᠬᠠᠮᠲᠤ᠂ ᠣᠯᠠᠨ ᠲᠦᠮᠡᠨ ᠳᠤ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠵᠢᠴᠢ ᠭᠠᠵᠢᠭᠤ ᠨᠣᠮᠯᠠᠯ ᠢ ᠡᠰᠡᠷᠭᠦᠴᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠢ ᠵᠣᠷᠢᠭᠵᠢᠭᠤᠯᠵᠤ ᠪᠠᠶᠢᠭᠠᠳ ᠵᠣᠬᠢᠶᠠᠨ ᠪᠠᠶᠢᠭᠤᠯᠤᠯᠲᠠ ᠲᠠᠢ ᠪᠠᠷ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠥᠷᠨᠢᠭᠦᠯᠬᠦ ᠪᠠᠶᠢᠩᠭᠤ ᠶᠢᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠪᠠ᠃     ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠥᠷᠭᠡᠨ ᠤᠯᠠᠨ ᠨᠠᠰᠤᠲᠠᠶᠢᠴᠤᠳ ᠤᠨ ᠵᠣᠯ ᠵᠢᠷᠭᠠᠯ ᠲᠠᠢ ᠥᠲᠡᠯᠦᠭᠡ ᠨᠠᠰᠤ ᠪᠠᠨ ᠡᠳ᠋ᠯᠡᠬᠦ ᠳᠤ ᠡᠶ᠎ᠡ ᠵᠣᠬᠢᠴᠠᠩᠭᠤᠢ᠂ ᠠᠮᠤᠷ ᠲᠦᠪᠰᠢᠨ᠂ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠲᠡᠭᠡᠭᠰᠢᠯᠡᠭᠦᠯᠵᠣ ᠪᠠᠶᠢᠨ᠎ᠠ᠃ ᠡᠭᠦᠨ ᠤ ᠵᠡᠷᠭᠡ ᠪᠠᠷ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾᠎ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠲᠣᠬᠢᠶᠠᠯ ᠪᠣᠯᠭᠠᠵᠤ ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠣ ᠪᠣᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠸᠢᠴᠠᠲ ᠶᠢᠨ ᠳᠠᠪᠴᠠᠩ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号