【 ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ 】 ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠨᠠᠰᠤᠵᠢᠯ ᠤᠨ ᠮᠡᠬᠡᠯᠡᠯ ᠢ ᠰᠡᠷᠭᠡᠶᠢᠯᠡᠭᠦ ᠠᠵᠢᠯᠯᠠᠭ᠎ᠠ ᠎ ᠶᠢ ᠦᠷᠭᠦᠯᠵᠢᠯᠡᠭᠦᠯᠵᠣ ᠪᠣᠢ
ᠨᠡᠶᠢᠲᠡᠯᠡᠭᠰᠡᠨ ᠴᠠᠭ᠄
2022/7/5
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠪᠠ ︽ᠪᠤᠭᠤᠲᠤ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠠᠷᠢᠨ ᠬᠢᠨᠠᠮᠠᠭᠠᠶ ᠪᠠᠷ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠭᠡᠯᠡᠯ ᠢ ᠰᠡᠷᠭᠡᠶᠢᠯᠡᠭᠦ ᠲᠣᠰᠬᠠᠢ ᠠᠵᠢᠯᠯᠠᠭᠠᠨ ᠦᠷᠨᠢᠭᠦᠯᠵᠣ ᠪᠣᠢ᠃     ᠨᠢᠭᠡ᠂ ᠨᠠᠷᠢᠨ ᠬᠢᠨᠠᠮᠠᠭᠠᠶ ᠪᠠᠶᠢᠴᠠᠭᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠪᠣᠳᠠᠲᠠᠶ ᠳᠤ ᠨᠠᠶᠢᠳᠠᠪᠤᠷᠢᠵᠢᠭᠤᠯᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠤᠰᠬᠠᠶ ᠠᠵᠢᠯᠯᠠᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠦᠨᠡᠨᠬᠦ ᠰᠠᠶᠢᠲᠤᠷ ᠬᠢᠨ᠂ ᠨᠠᠰᠤᠵᠢᠯ ᠤᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠬᠦ ᠶᠢ ᠳᠥᠯᠭᠢᠨ ᠠᠬᠢᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠮᠡᠬᠡᠯᠡᠯ ᠳᠤ ᠬᠤᠯᠪᠣᠭᠳᠠᠭᠰᠠᠨ ᠡᠷᠦᠶ ᠬᠤᠷᠤᠶ ᠥᠬᠡᠶ ᠦᠵᠡᠭᠳᠡᠯ ᠤᠨ ᠠᠰᠠᠭᠤᠳᠠᠯ ᠢ ᠦᠷᠭᠦᠯᠵᠢᠯᠡᠨ ᠵᠠᠰᠠᠨ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠶᠢᠨ ᠳᠤᠮᠳᠠᠬᠢ ︽ᠨᠠᠰᠤᠵᠢᠯ ᠤᠨ ᠠᠰᠠᠷᠠᠮᠵᠢ︾᠎ ᠶᠢᠨ ᠨᠡᠷ᠎ᠡ ᠪᠠᠷ ᠬᠤᠳᠠᠯ ᠬᠠᠭᠤᠷᠮᠠᠭ ᠤᠬᠠᠭᠤᠯᠭ᠎ᠠ ᠬᠢᠬᠦ ᠵᠡᠷᠭᠡ ᠮᠡᠬᠡᠯᠡᠯ ᠳᠤ ᠬᠤᠯᠪᠣᠭᠳᠠᠭᠰᠠᠨ ᠠᠰᠠᠭᠤᠳᠠᠯ ᠢ ᠬᠤᠷᠢᠭᠯᠠᠨ ᠵᠣᠭᠰᠣᠭᠠᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠤ ᠮᠡᠬᠡᠯᠡᠯ ᠳᠤ ᠬᠤᠯᠪᠣᠭᠳᠠᠭᠰᠠᠨ ᠠᠰᠠᠭᠤᠳᠠᠯ ᠢ ᠲᠦᠷ ᠢᠯᠡᠷᠡᠭᠦᠯᠦᠭᠰᠡᠨ ᠥᠬᠡᠶ᠃      ᠬᠤᠶᠠᠷ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠪᠣᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠵᠢᠯ ᠲᠥᠷᠥᠯ ᠤᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ ᠭᠡᠳᠡᠭ ᠢ ᠢᠳᠡᠪᠬᠢᠳᠡᠢ ᠪᠠᠷ  ᠣᠬᠠᠭᠤᠯᠪᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠥᠬᠦ ᠣᠷᠣᠨ ᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠵᠢᠯ ᠲᠥᠷᠥᠯ ᠤᠨ ᠬᠢᠨ ᠵᠠᠷ ᠮᠡᠳᠡᠭᠡᠨ ᠤ ᠤᠬᠠᠭᠤᠯᠭ᠎ᠠ ᠶᠢ ᠵᠢᠷᠤᠮᠵᠢᠭᠤᠯᠤᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠬᠡᠷ ᠪᠠᠶᠢᠰᠢᠩ  ᠭᠠᠵᠠᠷ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠶᠢᠨ ᠳᠤᠮᠳᠠ ︽ᠨᠠᠰᠤᠲᠠᠶᠢᠴᠤᠳ ᠤᠨ ᠨᠡᠶᠢᠭᠡᠮ ᠲᠣᠭᠤᠷᠢᠭ︾ ︽ᠨᠠᠰᠤᠲᠠᠶᠢᠴᠤᠳ ᠤᠨ ᠨᠡᠶᠢᠲᠡ ᠶᠢᠨ ᠪᠠᠶᠢᠷᠢ︾ ︽ᠨᠠᠰᠤᠵᠢᠯ ᠤᠨ ᠠᠰᠠᠷᠠᠮᠵᠢ ᠶᠢᠨ ᠰᠠᠭᠤᠷᠢᠨ ᠭᠠᠵᠠᠷ︾ ︽ᠨᠠᠰᠤᠵᠢᠯ ᠤᠨ ᠡᠳ᠋ᠯᠡᠩ︾ ᠵᠡᠷᠭᠡ ︽ᠨᠠᠰᠤᠵᠢᠯ ᠤᠨ ᠠᠰᠠᠷᠠᠮᠵᠢ︾᠎ ᠶᠢᠨ ᠨᠡᠷ᠎ᠡ ᠪᠠᠷ ᠬᠤᠳᠠᠯ ᠬᠠᠭᠤᠷᠮᠠᠭ ᠤᠬᠠᠭᠤᠯᠭ᠎ᠠ ᠬᠢᠬᠦ ᠶᠢ ᠡᠷᠡᠰ ᠡᠰᠡᠷᠭᠦᠴᠡᠨ ᠬᠤᠷᠢᠭᠯᠠᠵᠤ᠂ ᠨᠠᠰᠤᠲᠠᠶᠢᠴᠤᠳ ᠢ ᠮᠡᠬᠡᠯᠡᠨ ᠬᠤᠳᠠᠯᠳᠤᠨ ᠠᠪᠤᠭᠤᠯᠬᠤ ᠶᠢ ᠰᠡᠷᠭᠡᠶᠢᠯᠡᠭᠦ ᠬᠡᠷᠡᠭᠲᠡᠶ  ᠃  ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠨ ᠬᠤᠲᠠ ᠶᠢᠨ ᠵᠡᠭᠡᠯᠢ ᠭᠤᠳᠤᠮᠵᠢ ᠳᠤ ᠨᠠᠰᠤᠵᠢᠯ ᠤᠨ ᠠᠰᠠᠷᠠᠮᠵᠢ ᠶᠢᠨ ᠦᠢᠯᠡᠳᠬᠦᠨ ᠤ ᠵᠠᠷ ᠮᠡᠳᠡᠭᠡ ᠨᠠᠭᠠᠬᠤ ᠶᠢ ᠡᠷᠡᠰ ᠬᠤᠷᠢᠭᠯᠠᠬᠤ ᠬᠡᠷᠡᠭᠲᠡᠶ  ᠃ ᠤᠷᠢᠳᠴᠢᠯᠠᠨ ᠬᠤᠳᠠᠯᠳᠤᠬᠤ ᠬᠡᠷ ᠪᠠᠶᠢᠰᠢᠩ ᠤᠨ ᠬᠡᠯᠪᠡᠷᠢ ᠪᠠᠷ ᠨᠠᠰᠤᠲᠠᠶᠢᠴᠤᠳ ᠢ ᠬᠠᠭᠤᠷᠤᠨ ᠮᠡᠬᠡᠯᠡᠵᠦ ᠪᠠᠶᠢᠭᠠᠳ ᠲᠥᠷᠥᠯ ᠵᠦᠢᠯ ᠳᠤ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠯᠬᠤ ᠠᠴᠠ ᠡᠮᠦᠨ᠎ᠡ ᠳᠣᠲᠣᠭᠠᠳᠤ ᠳᠠᠭᠠᠨ ᠬᠤᠳᠠᠯᠳᠤᠨ ᠠᠪᠤᠭᠤᠯᠬᠤ ᠵᠡᠷᠭᠡ ᠬᠡᠯᠪᠡᠷᠢ ᠪᠠᠷ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠲᠣᠰ ᠲᠣᠪᠴᠢᠶ᠎ᠠ ᠠᠴᠠ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠠᠵᠤ ᠠᠬᠤᠶᠢᠯᠠᠯ ᠢ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠭ᠎ᠠ ᠶᠢᠨ ᠶᠡᠭᠡ ᠲᠢᠩᠬᠢᠮ᠂ ᠳᠡᠯᠭᠡᠭᠦᠷ ᠤᠨ ᠢᠯᠡᠷᠬᠡᠶ ᠭᠠᠵᠠᠷ ᠲᠤ ᠮᠡᠬᠡᠯᠡᠨ ᠬᠢᠬᠠᠬᠤ ᠶᠢ ᠰᠡᠷᠭᠡᠶᠢᠯᠡᠬᠦ ᠪᠠ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠶᠢᠨ ᠵᠢᠷᠤᠭ ᠨᠠᠭᠠᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ ᠢᠯᠡᠴᠢᠯᠡᠨ ᠮᠡᠳᠡᠭᠦᠯᠦᠨ ᠵᠠᠭᠠᠯᠳᠤᠬᠤ ᠠᠷᠭ᠎ᠠ ᠵᠠᠮ ᠢᠶᠠᠨ ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠬᠤᠯᠪᠣᠭᠳᠠᠯ ᠪᠥᠬᠦᠶ ᠠᠵᠢᠯ ᠢ ᠶᠠᠭ ᠤᠯᠠᠮ ᠨᠢᠭᠡ ᠠᠯᠬᠤᠮ ᠳᠥᠯᠭᠢᠨ ᠠᠬᠢᠭᠤᠯᠵᠤ ᠪᠠᠶᠢᠨ᠎ᠠ᠃      ᠭᠤᠷᠪᠠ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ᠂ ᠲᠤᠷᠰᠢᠯᠭ᠎ᠠ ᠪᠠᠨ ᠳ᠋ᠦᠩᠨᠡᠵᠦ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠪᠣᠯ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠨ ᠴᠣ᠋ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ ᠢ ᠪᠠᠲᠤᠯᠠᠬᠤ ᠬᠦᠴᠦᠲᠡᠢ ᠠᠵᠢᠯᠯᠠᠭ᠎ᠠ ᠮᠥᠨ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠣᠰ ᠤᠳᠠᠭᠠᠨ ᠤ ᠲᠤᠰᠬᠠᠶ ᠠᠵᠢᠯᠯᠠᠭ᠎ᠠ ᠳᠤᠮᠳᠠ ᠪᠠᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳ᠋ᠦᠩᠨᠡᠵᠦ᠂ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠯᠤᠰ ᠲᠥᠷᠥ ᠬᠠᠤᠯᠢ ᠴᠠᠭᠠᠵᠠ ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号