︽ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ︾ ᠨᠠᠰᠤᠲᠠᠶᠢᠴᠤᠳ ᠤᠨ ︽ᠵᠣᠭᠤᠰᠤᠨ ᠤᠭᠤᠲᠠ︾᠎ ᠶᠢ ᠰᠠᠬᠢᠨ ᠬᠠᠮᠠᠭᠠᠯᠠᠬᠤ ᠪᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠠᠵᠢᠯᠯᠠᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2022/8/11
    ᠨᠠᠮ ᠤᠨ ᠪᠠᠶᠢᠭᠤᠯᠤᠯᠲᠠ ᠪᠣᠯᠣᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷ ᠪᠣᠯᠣᠨ ᠨᠡᠶᠢᠭᠡᠮ ᠣᠷᠣᠨ ᠤ ᠤᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠦᠨᠡᠨᠬᠦ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠬᠤᠷᠢᠶᠠᠨ ᠤ ᠨᠠᠮ ᠤᠨ ᠡᠭᠦᠷ ᠪᠣᠯᠣᠨ ᠨᠠᠰᠤᠵᠢᠯ ᠤᠨ ᠮᠡᠬᠡᠯᠡᠯ ᠤᠨ ᠲᠤᠰᠬᠠᠢ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠾᠧᠩ ᠸᠧᠢ ᠯᠦ ᠨᠡᠶᠢᠭᠡᠮ ᠲᠣᠭᠤᠷᠢᠭ ᠲᠠᠢ ᠬᠠᠮᠲᠤᠷᠠᠵᠤ᠂ ᠬᠥᠳᠡᠯᠮᠦᠷᠢ ᠶᠢᠨ ᠵᠢᠱᠢᠶᠡᠴᠢᠳ ᠤᠨ ᠴᠡᠴᠡᠷᠯᠢᠭ ᠲᠤ ᠬᠦᠷᠴᠦ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠵᠢᠴᠢ ︽ᠢᠷᠭᠡᠨ ᠤ ᠬᠠᠤᠯᠢ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃     ᠨᠡᠶᠢᠭᠡᠮ ᠲᠣᠭᠤᠷᠢᠭ ᠯᠤᠭ᠎ᠠ ᠬᠤᠣᠰᠯᠠᠯ ᠪᠠᠶᠢᠭᠤᠯᠤᠭᠰᠠᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠪᠠᠷ ᠥᠷᠨᠢᠭᠦᠯᠬᠦ ᠪᠣᠯ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢᠶᠠᠨ ᠲᠠᠶᠢᠴᠢᠯᠠᠵᠤ᠂ ᠲᠤᠬᠠᠶᠢᠯᠠᠭᠰᠠᠨ ᠠᠵᠢᠯ ᠢᠶᠠᠷ ᠨᠠᠮ ᠤᠨ ᠪᠠᠶᠢᠭᠤᠯᠤᠯᠲᠠ ᠶᠢ ᠠᠬᠢᠭᠤᠯᠬᠤ ᠠᠰᠢᠭᠲᠠᠢ ᠲᠤᠷᠰᠢᠯᠲᠠ ᠮᠥᠨ᠃ ᠠᠵᠢᠯᠯᠠᠭ᠎ᠠ ᠶᠢᠨ ᠳᠤᠮᠳᠠ᠂ ᠮᠠᠨ ᠤ ᠬᠤᠷᠢᠶᠠᠨ ᠤ ᠺᠠᠳ᠋ᠷ ᠴᠠᠭᠳᠠᠭ᠎ᠠ ᠨᠡᠶᠢᠭᠡᠮ ᠣᠷᠣᠨ ᠤ ᠠᠵᠢᠯᠲᠠᠨ ᠲᠠᠢ ᠬᠠᠮᠲᠤ ᠪᠠᠷ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠮᠠᠳᠠᠭ ᠲᠠᠢ ᠠᠰᠠᠭᠤᠳᠠᠯ ᠢ ᠲᠠᠶᠢᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠢ ᠶᠢᠨ ᠲᠠᠯᠠᠪᠤᠷ ᠲᠤ ᠪᠠᠶᠢᠭ᠎ᠠ ᠨᠠᠰᠤᠲᠠᠶᠢᠴᠤᠳ ᠲᠤ ᠨᠠᠰᠤᠵᠢᠯ ᠤᠨ ᠮᠡᠬᠡᠯᠡᠯ ᠳᠤ ᠬᠤᠯᠪᠣᠭᠳᠠᠭᠰᠠᠨ ︽ᠠᠷᠭ᠎ᠠ ᠵᠠᠮ︾᠎ ᠢ ᠢᠯᠡᠴᠢᠯᠡᠵᠦ᠂ ᠨᠠᠰᠤᠲᠠᠶᠢᠴᠤᠳ ᠲᠤ ᠤᠯᠠᠮ ᠨᠢᠭᠡ ᠠᠯᠬᠤᠮ ᠰᠢᠨᠡᠴᠢᠯᠡᠭᠰᠡᠨ ᠮᠡᠬᠡᠯᠡᠯ ᠤᠨ ᠠᠷᠭ᠎ᠠ ᠪᠠᠷᠢᠯ ᠢ ᠢᠯᠭᠠᠨ ᠲᠠᠨᠢᠭᠤᠯᠵᠤ᠂ ᠨᠠᠰᠤᠲᠠᠶᠢᠴᠤᠳ ᠤᠨ ᠮᠡᠬᠡᠯᠡᠯ ᠤᠨ ᠦᠶᠯᠡ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠨᠢ ᠡᠬᠢ ᠡᠭᠦᠰᠦᠯ ᠠᠴᠠ ᠨᠢ ᠨᠠᠩ ᠰᠠᠶᠢᠨ ᠳᠡᠭᠡᠭᠰᠢᠯᠡᠭᠦᠯᠪᠡ᠃ ᠨᠠᠰᠤᠲᠠᠶᠢᠴᠤᠳ ᠲᠤ ᠲᠣᠬᠢᠶᠠᠯᠳᠤᠭᠰᠠᠨ ᠮᠡᠬᠡᠯᠡᠬᠦ ᠦᠶᠯᠡ ᠠᠵᠢᠯᠯᠠᠭ᠎ᠠ ᠶᠢ ᠬᠠᠯᠠᠰᠢᠷᠠᠯ ᠦᠭᠡᠢ ᠶᠠᠷᠢᠵᠣ ᠦᠭᠭᠦ ᠶᠢᠨ ᠬᠠᠮᠲᠤ ᠲᠥᠬᠦᠮ ᠪᠥᠭᠡᠳ ᠪᠣᠳᠠᠲᠠᠢ ᠶᠢ ᠡᠷᠬᠢᠮᠯᠡᠬᠦ ᠠᠷᠭᠠᠴᠠᠬᠤ ᠠᠷᠭ᠎ᠠ ᠶᠢ ᠳᠤᠷᠠᠳᠤᠨ ᠭᠠᠷᠭᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃     ᠳᠠᠷᠠᠭᠠᠴᠢ ᠶᠢᠨ ᠠᠯᠬᠤᠮ ᠳᠤ᠂ ᠮᠠᠨ ᠤ ᠬᠤᠷᠢᠶ᠎ᠠ ᠨᠠᠮ ᠤᠨ ᠡᠭᠦᠷ ᠤᠨ ᠪᠠᠬᠢᠯᠡᠯᠲᠡ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠯᠤᠭ᠎ᠠ  ᠬᠠᠷᠢᠯᠴᠠᠭ᠎ᠠ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠤᠯᠠᠮ ᠴᠢᠨᠠᠭᠰᠢᠳᠠ ᠬᠠᠶᠢᠨ ᠰᠦᠪᠡᠭᠴᠢᠯᠡᠵᠦ᠂ ᠮᠠᠨ ᠤ ᠬᠤᠷᠢᠶᠠᠨ ᠤ ᠲᠤᠬᠠᠶᠢᠯᠠᠭᠰᠠᠨ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾᠂ ︽ᠢᠷᠭᠡᠨ ᠤ ᠬᠠᠤᠯᠢ ᠶᠢᠨ ᠪᠢᠴᠢᠭ ︾ ᠵᠡᠷᠭᠡ ᠤᠬᠠᠭᠤᠯᠭ᠎ᠠ ᠶᠢᠨ ᠠᠵᠢᠯ ᠵᠢᠴᠢ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ᠬᠤᠯᠪᠣᠭᠳᠠᠯ ᠪᠦᠬᠦᠢ ᠠᠵᠢᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠨᠡᠶᠢᠭᠡᠮ ᠨᠡᠶᠢᠲᠡ ᠶᠢᠨ ᠮᠡᠳᠡᠬᠦ ᠨᠤᠷᠮ᠎ᠠ᠂ ᠤᠯᠠᠨ ᠲᠦᠮᠡᠨ ᠤ ᠣᠷᠤᠯᠴᠠᠬᠤ ᠨᠤᠷᠮ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠮᠤᠷ ᠲᠦᠪᠰᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠬᠠᠮᠲᠤ ᠪᠠᠷ ᠪᠠᠶᠢᠭᠤᠯᠵᠤ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ︾᠎ ᠳᠤ ᠦᠨᠡᠨ ᠬᠦ ᠬᠤᠪᠢ ᠨᠡᠮᠡᠷᠢ ᠦᠵᠡᠭᠦᠯᠪᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号