ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠰᠥᠨᠢ ᠶᠢᠨ ᠰᠢᠷᠠᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/8/22
    ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ︽2022 ᠣᠨ ᠤ ᠵᠠᠳᠠᠭᠠᠢ ᠰᠢᠷᠠᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠠᠳᠠᠭᠠᠢ ᠰᠢᠷᠠᠯᠭ᠎ᠠ᠂ ᠵᠠᠮ ᠡᠵᠡᠯᠡᠨ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠣᠯᠠᠨ ᠠᠷᠭ᠎ᠠ ᠬᠡᠮᠵᠢᠶ᠎ᠡ ᠠᠪᠴᠤ᠂ ᠮᠠᠨ ᠤ ᠣᠷᠣᠨ ᠤ ᠬᠡᠪᠴᠢᠶᠡᠨ ᠳᠤ ᠵᠠᠳᠠᠭᠠᠢ ᠰᠢᠷᠠᠯᠭ᠎ᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠲᠣᠭᠲᠠᠪᠠ᠃    ᠨᠢᠭᠡ ᠳᠤ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠨ᠎ᠡ᠃ ᠡᠷᠦᠬᠡ ᠳᠤ ᠬᠦᠷᠴᠦ ᠤᠬᠠᠭᠤᠯᠬᠤ᠂ ᠲᠥᠪᠯᠡᠷᠡᠭᠦᠯᠦᠨ ᠶᠠᠷᠢᠯᠴᠠᠬᠤ ᠠᠷᠭ᠎ᠠ ᠬᠡᠯᠪᠡᠷᠢ ᠪᠠᠷ ᠥᠷᠭᠡᠨ ᠣᠯᠠᠨ ᠲᠦᠮᠡᠨ ᠳᠤ ᠵᠠᠳᠠᠭᠠᠢ ᠰᠢᠷᠠᠯᠭ᠎ᠠ ᠶᠢ ᠴᠡᠭᠴᠡᠯᠡᠨ ᠵᠠᠰᠠᠬᠤ ᠲᠤᠰᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠷᠡᠭᠦᠯ ᠴᠠᠬᠢᠷᠠᠭ ᠤᠨ ᠬᠥᠮᠦᠵᠢᠯ ᠢ ᠥᠷᠨᠢᠭᠦᠯᠦᠨ᠎ᠡ᠃ ︽ᠰᠢᠷᠠᠯᠭ᠎ᠠ ᠶᠢᠨ ᠡᠵᠡᠩᠨᠡᠯᠲᠡ ᠶᠢᠨ ᠡᠷᠦᠬᠡ ᠳᠤ ᠥᠭᠭᠦᠭᠰᠡᠨ ᠨᠢᠭᠡ ᠬᠤᠪᠢ ᠵᠠᠬᠢᠳᠠᠯ ︾᠎ ᠢ ᠲᠠᠷᠬᠠᠭᠠᠬᠤ᠂ ᠲᠤᠬᠠᠢ ᠶᠢᠨ ᠲᠠᠯᠠᠪᠤᠷ ᠲᠤᠨᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠭᠴᠢᠳ ᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠲᠣᠳᠣᠷᠬᠠᠢ ᠮᠡᠳᠡᠭᠳᠡᠵᠦ᠂ ᠣᠷᠢᠳᠴᠢᠯᠠᠨ ᠰᠡᠷᠭᠡᠶᠢᠯᠡᠭᠦ ᠠᠵᠢᠯ ᠢ ᠰᠠᠶᠢᠳᠣᠷ ᠬᠢᠵᠣ᠂ ᠴᠡᠭᠴᠡᠯᠡᠨ ᠵᠠᠰᠠᠬᠤ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠰᠠᠭᠤᠷᠢ ᠶᠢ ᠲᠠᠯᠪᠢᠬᠤ ᠬᠡᠷᠡᠭᠲᠡᠢ᠃    ᠬᠤᠶᠠᠷ ᠲᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠲᠠᠰᠤᠭ᠂ ᠶᠡᠭᠡ ᠠᠩᠭᠢ ᠨᠤᠭᠤᠳ ᠡᠮᠦᠨᠡᠬᠢ ᠬᠤᠭᠤᠴᠠᠭᠠᠨ ᠤ ᠪᠠᠶᠢᠴᠠᠭᠠᠨ ᠵᠢᠭᠰᠠᠭᠠᠬᠤ ᠠᠵᠢᠯ ᠢ ᠪᠡᠶᠡᠯᠡᠭᠦᠯᠵᠦ᠂ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠨ᠂ ᠵᠠᠮ ᠤᠨ ᠲᠥᠷᠥᠯ ᠬᠤᠪᠢᠶᠠᠭᠰᠠᠨ ᠪᠠᠶᠢᠳᠠᠯ ᠢ ᠲᠣᠳᠣᠷᠬᠠᠶᠢᠯᠠᠵᠤ᠂ ᠡᠯ᠎ᠡ ᠵᠠᠮ ᠤᠨ ᠬᠠᠷᠢᠭᠤᠴᠠᠯᠭᠠᠲᠠᠨ᠂ ᠵᠢᠱᠢᠶ᠎ᠡ ᠦᠵᠡᠭᠦᠯᠬᠦ ᠵᠡᠭᠡᠯᠢ ᠶᠢᠨ ᠨᠡᠷᠡᠶᠢᠳᠦᠯ ᠵᠢᠴᠢ ᠴᠡᠭᠴᠡᠯᠡᠨ ᠵᠠᠰᠠᠬᠤ ᠪᠠᠷᠢᠮᠵᠢᠶ᠎ᠠ ᠵᠡᠷᠭᠡ ᠶᠢ ᠲᠣᠭᠲᠠᠭᠠᠬᠤ ᠶᠢᠨ ᠬᠠᠮᠲᠤ᠂ ᠠᠵᠢᠯ ᠤᠨ ᠡᠬᠡ ᠲᠠᠩᠰᠠ ᠪᠠᠶᠢᠭᠤᠯᠬᠤ ᠬᠡᠷᠡᠭᠲᠡᠢ᠃    ᠭᠤᠷᠪᠠ ᠳᠤ ᠰᠢᠢᠳᠭᠡᠨ ᠲᠣᠷᠭᠠᠬᠤ ᠡᠷᠴᠢᠮ ᠢᠶᠠᠨ ᠴᠢᠩᠭᠠᠷᠠᠭᠤᠯᠤᠨ᠎ᠠ᠃ ︽ᠴᠠᠭ ᠢ ᠠᠯᠳᠠᠵᠤ ᠬᠠᠤᠯᠢ ᠬᠡᠷᠡᠭᠵᠢᠭᠦᠯᠬᠦ᠂ ᠴᠠᠭ ᠢ ᠤᠷᠲᠤᠳᠬᠠᠵᠤ ᠬᠠᠤᠯᠢ ᠬᠡᠷᠡᠭᠵᠢᠭᠦᠯᠬᠦ᠂ ᠠᠵᠢᠯ ᠤᠨ ᠪᠠᠶᠢᠷᠢ ᠲᠣᠭᠲᠠᠭᠠᠨ ᠪᠠᠲᠤ ᠰᠠᠬᠢᠬᠤ︾ ᠵᠡᠷᠭᠡ ᠠᠷᠭ᠎ᠠ ᠬᠡᠮᠵᠢᠶ᠎ᠡ ᠠᠪᠴᠤ᠂ ︽ᠭᠤᠷᠪᠠ ᠶᠢ ᠲᠣᠭᠲᠠᠭᠠᠵᠤ ᠬᠤᠶᠠᠷ ᠢ ᠨᠢᠭᠡᠳᠬᠡᠬᠦ︾ ᠪᠠᠷᠢᠮᠵᠢᠶ᠎ᠠ ᠶᠢ ᠬᠡᠷᠡᠭᠵᠢᠭᠦᠯᠬᠦ ᠦᠭᠡᠢ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠬᠤ ᠦᠢᠯᠡᠴᠢᠯᠡᠭᠡ︾᠎ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠣᠭᠲᠠᠭᠠᠯ ᠶᠣᠰᠣᠭᠠᠷ ᠲᠣᠭᠤᠭᠠᠨ ᠭᠡᠷ ᠤᠨ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠬᠤᠯᠢᠯᠳᠤᠭᠤᠯᠤᠨ ᠰᠠᠪᠠᠯᠠᠭᠰᠠᠨ ᠦᠭᠡᠢ᠂ ᠲᠠᠭᠤ ᠱᠤᠤᠭᠢᠶᠠᠨ ᠲᠣᠰᠣᠨ ᠣᠲᠤᠭ᠎ᠠ ᠠᠷᠠᠳ ᠢ ᠦᠶᠮᠡᠭᠦᠯᠬᠦ᠂ ᠶᠠᠪᠤᠭᠤᠯ ᠬᠤᠳᠠᠯᠳᠤᠭᠠᠴᠢᠨ ᠂ ᠵᠠᠳᠠᠭᠠᠢ ᠰᠢᠷᠠᠮᠠᠯ ᠵᠡᠷᠭᠡ ᠡᠵᠡᠩᠨᠡᠯᠲᠡ ᠶᠢᠨ ᠡᠷᠦᠬᠡ ᠶᠢ ᠴᠥᠮ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ︽ᠪᠤᠭᠤᠲᠤ ᠬᠤᠲᠠ ᠶᠢᠨ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠦᠨᠳᠦ ᠪᠠᠷ ᠰᠢᠢᠳᠭᠡᠨ ᠲᠣᠷᠭᠠᠨ᠎ᠠ᠃    ᠣᠲᠣ ᠪᠣᠯᠲᠠᠯ᠎ᠠ᠂ ᠨᠡᠶᠢᠲᠡ 100 ᠭᠠᠷᠤᠢ ᠡᠷᠦᠬᠡ ᠶᠢ ᠰᠤᠷᠪᠤᠯᠵᠢᠯᠠᠵᠤ᠂ 120 ᠭᠠᠷᠤᠢ ᠰᠥᠨᠢ ᠶᠢᠨ ᠰᠢᠷᠠᠯᠭ᠎ᠠ ᠶᠢᠨ ᠳᠡᠯᠭᠡᠭᠡ ᠮᠠᠶᠢᠮᠠᠢ ᠶᠢ ᠵᠢᠷᠤᠮᠵᠢᠭᠤᠯᠵᠠᠢ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号