ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠠᠵᠤ ᠠᠬᠤᠢ ᠶᠢᠨ ᠠᠵᠢᠯᠯᠠᠭᠠᠨ ᠳᠤ ︽ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠬᠢᠵᠢᠭᠦᠯᠬᠦ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠶᠠᠰᠤ ᠴᠢᠨᠠᠷ ᠢ ᠳᠡᠭᠡᠭᠰᠢᠯᠡᠭᠦᠯᠬᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠬᠤ︾ ᠬᠥᠭᠵᠢᠯᠲᠡ ᠶᠢᠨ ᠪᠠᠶᠢᠳᠠᠯ ᠢᠯᠡᠷᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠭᠤᠷᠪᠠᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠨᠡᠮᠡᠭᠳᠡᠯ ᠤᠨ ᠬᠤᠷᠳᠤᠴᠠ ᠨᠢ ᠬᠤᠲᠠ ᠶᠢᠨ ᠲᠠᠪᠤᠨ ᠲᠣᠭᠤᠷᠢᠭ ᠤᠨ ᠳᠣᠲᠣᠷ᠎ᠠ ︽ᠭᠤᠷᠪᠠᠨ ᠨᠢᠭᠡᠳᠦᠭᠡᠷ︾ ᠢ | ᠪᠡᠶᠡᠯᠡᠭᠦᠯᠪᠡ᠃ ᠡᠭᠦᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 281.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.1% ᠨᠡᠮᠡᠭᠳᠡᠪᠡ | ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 42.4% ᠨᠡᠮᠡᠭᠳᠡᠪᠡ᠃ | | ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠪᠠ ᠬᠥᠳᠡᠯᠭᠡᠭᠦ | ᠬᠦᠴᠦᠨ ᠤ ᠡᠬᠢ ᠰᠤᠷᠪᠤᠯᠵᠢ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠴᠢᠩᠭ᠎ᠠ ᠬᠦᠴᠦᠲᠡᠢ ᠪᠠᠶᠢᠨ᠎ᠠ᠃ | ᠭᠤᠣᠯᠳᠠᠯᠭ᠎ᠠ ᠲᠠᠢ ᠠᠵᠤ ᠦᠢᠯᠡᠰ ᠠᠴᠠ ᠦᠵᠡᠪᠡᠯ᠂ ᠬᠤᠪᠣᠷ ᠰᠢᠷᠣᠢ᠂ ᠬᠥᠩᠭᠡᠨ ᠴᠠᠭᠠᠨ ᠵᠡᠰ᠂ ᠲᠣᠨᠤᠭ | ᠲᠥᠬᠦᠭᠡᠷᠦᠮᠵᠢ ᠦᠶᠯᠡᠳᠬᠦ᠂ ᠬᠡᠷᠡᠯ ᠸᠣᠯᠲ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ | 87.7% ᠳᠤ ᠬᠦᠷᠴᠡᠢ᠃ ᠡᠭᠦᠨ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 65.7% ᠨᠡᠮᠡᠭᠳᠡᠵᠦ᠂ 47.1% ᠶᠢ ᠡᠵᠡᠯᠡᠪᠡ ᠃ ᠬᠥᠩᠭᠡᠨ ᠴᠠᠭᠠᠨ ᠵᠡᠰ ᠤᠨ | ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠵᠦ᠂ 31.7% ᠶᠢ | ᠡᠵᠡᠯᠡᠵᠦ᠂ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 70.8% ᠨᠡᠮᠡᠭᠳᠡᠵᠦ᠂ 5.8% ᠶᠢ ᠡᠵᠡᠯᠡᠵᠦ᠂ ᠬᠡᠷᠡᠯ ᠴᠡᠨᠡᠭ ᠤᠨ ᠠᠵᠤ ᠦᠢᠯᠡᠰ ᠤᠨ ᠨᠡᠮᠡᠭᠳᠡᠯ | ᠥᠷᠲᠡᠭ 3.2% ᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 3. | 1 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ | ᠣᠷᠣᠯᠭ᠎ᠠ ᠨᠢ 577.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52. | 6% ᠨᠡᠮᠡᠭᠳᠡᠵᠡᠢ ᠃ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 79.43 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 50.8% ᠪᠠᠷ ᠨᠡᠮᠡᠭᠳᠡᠪᠡ᠃ | ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠵᠠᠬ᠎ᠠ | ᠳᠡᠯᠭᠡᠭᠦᠷ ᠤᠨ ᠤᠳᠤᠷᠢᠳᠤᠮᠵᠢ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢ ᠲᠣᠪᠤᠶᠢᠯᠭᠠᠨ᠂ | ︽ᠬᠡᠯᠬᠢᠶᠡᠨ ᠤ ᠳᠠᠷᠤᠭ᠎ᠠ ᠶᠢᠨ ᠳᠦᠷᠢᠮ᠂ ᠲᠤᠰᠬᠠᠢ ᠠᠩᠭᠢ ᠶᠢᠨ ᠳᠦᠷᠢᠮ᠂ ᠵᠢᠷᠤᠭ ᠤᠨ ᠵᠢᠭᠰᠠᠯ ᠤᠨ ᠳᠦᠷᠢᠮ︾ | ᠤᠨ ᠦᠢᠯᠡᠴᠢᠯᠡᠭᠡᠨ ᠤ ᠵᠠᠭᠪᠤᠷ ᠢ ᠶᠡᠬᠡᠪᠡᠷ ᠬᠡᠷᠡᠭᠵᠢᠭᠦᠯᠵᠦ᠂ ᠬᠤᠪᠣᠷ ᠰᠢᠷᠣᠢ᠂ ᠬᠥᠩᠭᠡᠨ ᠴᠠᠭᠠᠨ ᠵᠡᠰ᠂ ᠲᠣᠨᠤᠭ | ᠲᠥᠬᠦᠭᠡᠷᠦᠮᠵᠢ ᠦᠶᠯᠡᠳᠬᠦ᠂ ᠬᠡᠷᠡᠯ ᠴᠡᠨᠡᠭ ᠵᠡᠷᠭᠡ ︽ᠳᠥᠷᠪᠡᠨ ᠵᠠᠭᠤᠨ ᠳ᠋ᠦᠩᠰᠢᠭᠤᠷ︾ ᠤᠨ ᠠᠵᠤ ᠦᠢᠯᠡᠰ ᠤᠨ | ᠬᠡᠯᠬᠢᠶᠡᠨ ᠤ ᠳᠣᠲᠣᠭᠠᠳᠤ ᠶᠢᠨ ᠬᠥᠳᠡᠯᠭᠡᠭᠦ ᠬᠦᠴᠦᠨ ᠢ ᠬᠦᠴᠦᠯᠡᠨ ᠬᠥᠭᠵᠢᠭᠡᠵᠦ᠂ ᠪᠠᠷᠢᠯᠭ᠎ᠠ ᠶᠢᠨ ᠮᠠᠲ᠋ᠧᠷᠢᠶᠠᠯ᠂ | ᠬᠤᠳᠠᠯᠳᠤᠭᠠᠨ ᠤ ᠬᠡᠲᠦ ᠳᠡᠯᠭᠡᠭᠦᠷ᠂ ᠲᠡᠭᠡᠭᠡᠪᠦᠷᠢ᠂ ᠬᠥᠮᠥᠷᠭᠡᠯᠡᠯᠲᠡ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠠᠬᠢᠭᠤᠯᠤᠨ᠂ ᠠᠵᠤ ᠠᠬᠤᠢ ᠨᠡᠶᠢᠭᠡᠮ ᠤᠨ ᠲᠣᠭᠲᠠᠭᠤᠨ | ᠪᠥᠭᠡᠳ ᠡᠮᠬᠢ ᠵᠢᠷᠤᠮ ᠲᠠᠢ᠂ ᠰᠠᠶᠢᠵᠢᠷᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠠᠵᠤ ᠠᠬᠤᠶᠢᠯᠠᠯ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠭᠤᠣᠯ ᠣᠷᠣᠯᠴᠠᠭᠴᠢ ᠮᠥᠨ᠂ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠠ ᠲᠤᠯᠭᠠᠭᠤᠷᠢ ᠮᠥᠨ᠃ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠪᠡᠯᠡ | ᠣᠷᠣᠭᠤᠯᠤᠯᠲᠠ ᠶᠢ ᠥᠷᠭᠡᠳᠬᠡᠬᠦ ᠪᠠ ᠪᠦᠲᠦᠴᠡ ᠶᠢ ᠲᠣᠬᠢᠷᠠᠭᠤᠯᠬᠤ᠂ ᠳᠠᠪᠠᠭᠤᠯᠢᠭ ᠢ ᠡᠭᠦᠳᠬᠦ᠂ ᠳᠤᠲᠠᠭᠤᠳᠠᠯ ᠢ | ᠨᠥᠬᠦᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠤ | ᠠᠬᠤᠶᠢᠯᠠᠯ᠂ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠶᠢᠨ ᠯᠢ ᠲᠣᠭᠲᠠᠮᠠᠯ | ᠰᠣᠷᠢᠨᠵᠢᠨ ᠤ 2 ᠲᠦᠮᠡᠨ ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠲᠥᠷᠥᠯ ᠵᠦᠢᠯ᠂ | ᠬᠤᠸᠠ ᠳ᠋ᠢᠩ ᠤᠨ 10 ᠲᠦᠮᠡᠨ ᠲᠣᠨ ᠴᠠᠬᠢᠯᠭᠠᠨ ᠵᠠᠳᠠᠯᠤᠯ ᠤᠨ ᠵᠡᠰ᠂ ᠤᠮᠠᠷᠠᠲᠤ ᠶᠢᠨ ᠬᠤᠪᠢ ᠣᠷᠣᠭᠤᠯᠤᠭᠰᠠᠨ | ᠵᠢᠯᠣᠭᠤᠴᠢ ᠦᠭᠡᠢ ᠣᠶᠤᠨᠲᠤ ᠠᠭᠤᠷᠬᠠᠢ ᠶᠢᠨ ᠲᠡᠷᠭᠡ᠂ ᠬᠤᠣᠰ ᠰᠠᠶᠢᠨ ᠴᠠᠬᠢᠭᠤᠷ ᠤᠨ ᠮᠠᠲ᠋ᠧᠷᠢᠶᠠᠯ 20GW | ᠲᠠᠩ ᠲᠠᠯᠠᠰᠲᠤ ᠴᠠᠬᠢᠭᠤᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | | ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ ᠶᠢᠨ | ᠲᠥᠯᠥᠭᠡ᠂ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠨ | ᠪᠠᠰᠠ ᠬᠡᠷᠡᠭᠯᠡᠭᠡ ᠶᠢ ᠠᠬᠢᠭᠤᠯᠬᠤ ︽ᠬᠠᠮ ᠠᠷᠭ᠎ᠠ︾ ᠭᠠᠷᠭᠠᠵᠤ᠂ ᠮᠠᠰᠢᠨ ᠲᠡᠷᠭᠡᠨ ᠤ ᠣᠨᠴᠠᠯᠢᠭᠲᠤ ᠵᠡᠭᠡᠯᠢ | ᠭᠤᠳᠤᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ︽ᠶᠤᠸᠠᠢ ᠬᠤᠶ ᠯᠦ ᠴᠧᠩ · ᠶᠤᠸᠠᠢ ᠹᠦ᠋ ᠮᠠᠰᠢᠨ ᠲᠡᠷᠭᠡ︾ | ᠵᠡᠷᠭᠡ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠢ ᠠᠪᠴᠤ᠂ ᠪᠠᠷᠢᠯᠭ᠎ᠠ ᠶᠢᠨ ᠮᠠᠲ᠋ᠧᠷᠢᠶᠠᠯ ᠭᠡᠷ ᠤᠨ | ᠬᠡᠷᠡᠭᠰᠡᠯ᠂ ᠠᠮᠢᠳᠤᠷᠠᠯ ᠤᠨ ᠬᠡᠷᠡᠭᠰᠡᠯ᠂ ᠢᠳᠡᠭᠡᠨ ᠤᠮᠳᠠᠭᠠᠨ ᠵᠡᠷᠭᠡ ᠬᠦᠷᠢᠶᠡᠨ ᠳᠤ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠬᠤᠳᠠ ᠶᠢᠨ | ᠠᠷᠠᠳ ᠪᠠ ᠬᠦᠴᠢᠷᠳᠡᠯᠲᠡᠢ ᠬᠠᠮᠲᠤᠯᠢᠭ ᠲᠤ ᠡᠯ᠎ᠡ ᠲᠦᠷᠦᠯ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠃ ᠡᠨᠡ | ᠵᠢᠯ ᠤᠨ 6 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠠᠵᠤ ᠠᠬᠤᠶᠢᠯᠠᠯ | ᠬᠤᠯᠪᠤᠭᠠᠯᠠᠨ ᠬᠥᠳᠡᠯᠦᠯᠴᠡᠵᠦ᠂ ᠮᠠᠰᠢᠨ ᠲᠡᠷᠭᠡ ᠪᠣᠷᠣᠯᠠᠭᠤᠯᠬᠤ 50 ᠭᠠᠷᠤᠢ ᠠᠵᠤ ᠠᠬᠤᠶᠢᠯᠠᠯ ᠢ ᠵᠣᠬᠢᠶᠠᠨ | ᠪᠠᠶᠢᠭᠤᠯᠵᠤ᠂ ᠵᠠᠭᠤ ᠭᠠᠷᠤᠢ ᠵᠦᠢᠯ ᠤᠨ ᠰᠢᠲᠠᠭᠠᠯᠭ᠎ᠠ ᠶᠢᠨ ᠲᠣᠰᠣᠨ ᠤ ᠲᠡᠷᠭᠡ ᠪᠠ ᠰᠢᠨ᠎ᠡ ᠡᠨᠧᠷᠭᠢ ᠶᠢᠨ | ᠰᠤᠷᠪᠤᠯᠵᠢ ᠶᠢᠨ ᠲᠡᠷᠭᠡ ᠲᠠᠢ ᠬᠤᠯᠪᠣᠭᠳᠠᠭᠤᠯᠤᠨ᠂ ᠮᠠᠰᠢᠨ ᠲᠡᠷᠭᠡ ᠬᠤᠳᠠᠯᠳᠤᠨ ᠠᠪᠤᠭᠴᠢ ᠳᠤ ᠵᠣᠬᠢᠴᠠᠩᠭᠤᠢ ᠪᠡᠯᠡᠨ | ᠵᠣᠭᠤᠰ ᠤᠨ ᠨᠥᠬᠦᠪᠦᠷᠢ ᠣᠯᠭᠤᠪᠠ᠃ ᠠᠵᠢᠯᠯᠠᠭ᠎ᠠ ᠶᠢᠨ ᠲᠣᠰ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠲᠤᠭ᠎ᠠ ᠨᠡᠶᠢᠲᠡ 3.9 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 38% ᠪᠠᠷ ᠨᠡᠮᠡᠭᠳᠡᠪᠡ᠃ | ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠵᠤ ᠠᠬᠤᠶᠢᠯᠠᠯ ᠤᠨ ︽ᠪᠠᠴᠢᠮ ᠬᠦᠴᠢᠷᠲᠡᠢ ᠵᠣᠪᠠᠨᠢᠯ | ᠬᠦᠰᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠪᠠᠭᠠᠰᠬᠠᠵᠤ ᠬᠤᠶᠠᠷ ᠢ | ᠰᠢᠯᠢᠳᠡᠭᠵᠢᠭᠦᠯᠭᠦ︾᠂ ︽ᠨᠢᠭᠡ ᠰᠦᠯᠵᠢᠶ᠎ᠡ ᠪᠠᠷ ᠪᠦᠬᠦᠨ ᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ︽ᠳᠤᠲᠠᠭᠤ ᠶᠢ ᠪᠠᠭᠲᠠᠭᠠᠬᠤ ᠶᠢ ᠬᠢᠨᠠᠨ ᠵᠥᠪᠰᠢᠶᠡᠷᠡᠬᠦ ᠳᠦᠷᠢᠮ︾᠂ ︽ᠠᠵᠤ ᠠᠬᠤᠶᠢᠯᠠᠯ ᠤᠨ ᠠᠮᠠᠯᠠᠯᠲᠠ ᠶᠢᠨ | ᠳᠦᠷᠢᠮ︾ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠵᠡᠷᠭᠡ | ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ | ᠲᠣᠭᠲᠠᠪᠤᠷᠢᠵᠢᠭᠤᠯᠵᠤ ᠬᠤᠳᠠᠯᠳᠤᠭ᠎ᠠ ᠶᠢ ᠲᠣᠭᠲᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ︽ᠲᠠᠪᠤᠨ ᠨᠢᠭᠡ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠤᠳᠤᠷᠢᠳᠤᠯᠭ᠎ᠠ | ᠬᠤᠯᠪᠣᠭᠠᠯᠠᠬᠤ ᠶᠢ ᠳᠠᠭᠠᠭᠠᠴᠢᠯᠠᠵᠤ ᠪᠠᠶᠢᠭᠰᠠᠨ ᠠᠴᠠ ᠪᠠᠨ ᠲᠤᠰᠬᠠᠢ ᠠᠩᠭᠢ ᠳᠤ ᠦᠢᠯᠡᠴᠢᠯᠡᠬᠦ ᠬᠦᠷᠲᠡᠯᠡᠬᠢ ᠪᠥᠬᠦ | ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠷᠪᠤᠯᠵᠢᠯᠠᠵᠤ ᠪᠠᠶᠢᠭᠰᠠᠨ | ᠠᠴᠠ ᠪᠠᠨ ᠪᠥᠬᠦᠳᠡ ᠶᠢ ᠨᠢᠭᠡᠳᠬᠡᠬᠦ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠭᠠᠵᠠᠷ ᠰᠢᠷᠣᠢ ᠠᠪᠤᠪᠠᠯ ᠳᠠᠷᠤᠢ ᠠᠵᠢᠯ | ᠡᠬᠢᠯᠡᠭᠦᠯᠦᠨ᠎ᠡ︾ ᠭᠡᠳᠡᠭ ᠢ ︽ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠦᠨ᠎ᠡ︾ ᠪᠣᠯᠭᠠᠵᠣ ᠬᠤᠪᠢᠷᠠᠭᠤᠯᠪᠠ ᠃ | ᠣᠲᠣ ᠪᠣᠯᠲᠠᠯ᠎ᠠ᠂ ᠴᠢᠬᠤᠯᠠ ᠶᠡᠭᠡ ᠵᠦᠢᠯᠡᠰ ᠤᠨ ᠠᠷᠪᠠᠨ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ | ᠨᠢ 100% ᠳᠤ ᠬᠦᠷᠴᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 100% ᠳᠤ | ᠭᠦᠷᠦᠭᠰᠡᠨ ᠪᠠᠶᠢᠨ᠎ᠠ᠃ | ᠡᠭᠦᠨ ᠤ ᠵᠡᠷᠭᠡᠪᠡᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠣᠨ ᠤ ᠬᠢᠨ ᠪᠠᠰᠠ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠲᠣᠮᠣ ᠲᠦᠷᠦᠯ ᠵᠦᠢᠯ ᠢᠶᠠᠷ ᠬᠥᠲᠥᠯᠥᠨ ᠳᠠᠭᠠᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠰᠠᠶᠢᠲᠤᠷ ᠬᠢᠵᠦ᠂ ᠬᠤᠳᠠ ᠶᠢᠨ ᠠᠮᠢ ᠠᠬᠤᠢ ᠶᠢ ᠰᠠᠶᠢᠵᠢᠷᠠᠭᠤᠯᠵᠤ᠂ ᠬᠤᠳᠠ ᠬᠥᠳᠡᠭᠡ ᠶᠢᠨ | ᠵᠣᠬᠢᠴᠠᠩᠭᠤᠢ ᠬᠥᠭᠵᠢᠯᠲᠡ ᠶᠢ ᠠᠬᠢᠭᠤᠯᠵᠣ ᠪᠣᠢ᠃ ᠲᠦᠷᠦᠭᠦᠸ ᠬᠠᠭᠠᠰ ᠵᠢᠯ ᠳᠤ᠂ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 28600 ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ᠃ | ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠠᠮᠢ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠤᠲᠠ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠭᠰᠠᠨ ︽ᠠᠷᠠᠳ ᠤᠨ ᠶᠡᠭᠡ ᠠᠮᠢᠳᠤᠷᠠᠯ︾ ᠢ ᠲᠣᠪᠣᠶᠢᠮ᠎ᠠ ᠰᠠᠶᠢᠲᠤᠷ ᠠᠳᠬᠤᠨ᠎ᠠ | ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠳᠠᠭᠤᠷᠢᠶᠠᠯ ᠪᠣᠯᠬᠤ᠂ ᠵᠢᠱᠢᠶ᠎ᠡ ᠦᠵᠡᠭᠦᠯᠬᠦ᠂ | ᠲᠡᠷᠢᠭᠦᠨ ᠤ ᠬᠢ ᠶᠢ ᠲᠡᠮᠡᠴᠡᠨ ᠣᠯᠬᠤ︾ ᠶᠡᠷᠦᠩᠬᠡᠢ ᠬᠦᠭ ᠠᠶᠠᠰ ᠢ ᠪᠠᠲᠤ ᠡᠵᠡᠮᠳᠡᠵᠦ᠂ ᠲᠦᠷᠦᠯ ᠵᠦᠢᠯ ᠢᠶᠠᠷ | ᠭᠠᠷᠳᠠᠴᠠ ᠪᠣᠯᠭᠠᠨ᠂ ᠥᠭᠡᠷᠡᠴᠢᠯᠡᠯᠲᠡ ᠪᠠᠷ ᠬᠥᠳᠡᠯᠭᠡᠭᠦ ᠬᠦᠴᠦᠨ᠂ ᠬᠡᠷᠡᠭᠵᠢᠭᠦᠯᠬᠦ ᠪᠠᠷ ᠪᠠᠲᠤᠯᠠᠭ᠎ᠠ ᠪᠣᠯᠭᠠᠵᠤ᠂ | ᠬᠠᠷᠢᠭᠤᠴᠠᠯᠭ᠎ᠠ ᠡᠭᠦᠷᠭᠡᠯᠡᠨ ᠠᠵᠢᠯ ᠬᠢᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠪᠣᠯᠣᠨ᠎ᠠ᠃ |