ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠭ ᠨᠣᠪᠰᠢ ᠶᠢ ᠲᠠᠯᠳᠠᠭᠤᠷ ᠬᠠᠶᠠᠬᠤ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ ᠬᠤᠲᠠ ᠶᠢᠨ ᠣᠷᠴᠢᠨ ᠲᠣᠭᠤᠷᠢᠨ ᠤ ᠴᠡᠪᠡᠷ ᠲᠡᠭᠰᠢ ᠶᠢ ᠪᠠᠳᠣᠯᠠᠵᠣ ᠪᠠᠶᠢᠨ᠎ᠠ
ᠨᠡᠶᠢᠲᠡᠯᠡᠭᠰᠡᠨ ᠴᠠᠭ᠄
2022/9/14
   8 ᠰᠠᠷ᠎ᠠ ᠶᠢᠨ 24 ᠤ ᠡᠳᠦᠷ ᠲᠡᠭᠡᠳᠣ ᠰᠢᠨ᠎ᠠ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠣᠯᠢ ᠬᠡᠷᠡᠭᠵᠢᠭᠦᠯᠭᠦ ᠠᠵᠢᠯᠳᠠᠨ ᠪᠠᠶᠢᠴᠠᠭᠠᠯᠳᠠ ᠶᠢᠨ ᠲᠣᠮᠳᠠ ᠼᠣᠣ ᠰᠢᠨ ᠠᠵᠣ ᠦᠢᠯᠡᠳᠪᠦᠷᠢ ᠶᠢᠨ ᠲᠣᠭᠤᠷᠢᠭ ᠲᠤ ᠵᠠᠷᠢᠮ ᠲᠡᠷᠭᠡ ᠪᠠᠷᠢᠯᠭ᠎ᠠ ᠶᠢᠨ ᠬᠤᠭ ᠨᠣᠪᠰᠢ ᠶᠢ ᠲᠣᠷ᠎ᠠ ᠪᠠᠷ ᠬᠠᠶᠠᠵᠣ ᠣᠷᠴᠢᠨ ᠲᠣᠭᠤᠷᠢᠨ ᠢ ᠪᠣᠵᠠᠷᠳᠣᠭᠤᠯᠵᠣ ᠨᠦᠯᠦᠭᠡᠯᠡᠭᠰᠡᠨ ᠪᠠᠶᠢᠳᠠᠯ ᠢ ᠪᠠᠶᠢᠴᠠᠭᠠᠨ ᠣᠯᠪᠠ᠃    ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠡᠪᠡᠷ ᠲᠡᠭᠰᠢ ᠪᠠᠶᠢᠬᠤ ᠶᠢ ᠪᠠᠲᠤᠯᠠᠬᠤ ᠶᠢᠨ ᠲᠤᠰᠠᠳᠠ᠂ ᠬᠠᠤᠯᠢ ᠬᠡᠷᠡᠭᠵᠢᠭᠦᠯᠬᠦ ᠠᠵᠢᠯᠲᠠᠨ ᠲᠡᠷᠭᠡ ᠶᠢ ᠨᠢ ᠳᠠᠷᠤᠶᠢᠬᠠᠨ ᠲᠦᠷ ᠬᠤᠷᠢᠶᠠᠨ ᠠᠪᠴᠤ᠂ ᠬᠠᠤᠯᠢ ᠶᠢ ᠵᠥᠷᠢᠴᠡᠭᠰᠡᠳ ᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠬᠢᠬᠦ ᠶᠢᠨ ᠬᠠᠮᠲᠤ ᠣᠷᠴᠢᠨ ᠲᠣᠭᠤᠷᠢᠨ ᠤ ᠠᠯᠪᠠᠨ ᠭᠡᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠠ᠃    ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠠᠷᠢᠶ᠎ᠠ ᠣᠷᠣᠨ ᠤ ᠡᠷᠬᠢᠨ ᠲᠣᠭᠤᠷᠢᠨ ᠤ ᠵᠠᠮ ᠳᠠᠭᠠᠤ ᠶᠢᠨ ᠲᠣᠭᠤᠷᠢᠨ ᠪᠠᠶᠢᠴᠠᠭᠠᠯᠲᠠ᠂ ᠤᠬᠠᠭᠤᠯᠭ᠎ᠠ ᠪᠠᠨ ᠴᠢᠩᠭᠠᠳᠬᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠠᠪᠤᠭᠤᠯᠵᠤ ᠂ ᠬᠤᠲᠠ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号