ᠲᠣᠭᠲᠠᠭᠤᠨ ᠲᠣᠮᠳᠠ ᠪᠠᠬᠢᠵᠢᠭᠦᠯᠭᠦ᠂ ᠲᠣᠭᠳᠠᠭᠤᠨ ᠲᠣᠮᠳᠠ ᠴᠢᠨᠠᠷᠵᠢᠬᠤ᠂ ᠲᠣᠭᠳᠠᠭᠤᠨ ᠲᠣᠮᠳᠠ ᠰᠠᠶᠢᠵᠢᠷᠠᠬᠤ    ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠦᠷᠦᠭᠦᠦ ᠬᠠᠭᠠᠰ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 281.5 ᠳ᠋ᠦᠩᠰᠢᠭᠤᠷ ᠲᠤ ᠬᠦᠷᠪᠡ
ᠨᠡᠶᠢᠲᠡᠯᠡᠭᠰᠡᠨ ᠴᠠᠭ᠄
2022/9/14
    ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠶᠢᠨ ᠠᠵᠢᠯᠯᠠᠭᠠᠨ ᠳᠤ ︽ᠲᠣᠭᠲᠠᠭᠤᠨ ᠲᠣᠮᠳᠠ ᠪᠠᠬᠢᠵᠢᠭᠦᠯᠭᠦ᠂ ᠲᠣᠭᠳᠠᠭᠤᠨ ᠲᠣᠮᠳᠠ ᠴᠢᠨᠠᠷᠵᠢᠬᠤ᠂ ᠲᠣᠭᠳᠠᠭᠤᠨ ᠲᠣᠮᠳᠠ ᠰᠠᠶᠢᠵᠢᠷᠠᠬᠤ︾ ᠬᠥᠭᠵᠢᠯᠲᠡ ᠶᠢᠨ ᠪᠠᠶᠢᠳᠠᠯ ᠢᠯᠡᠷᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠭᠤᠷᠪᠠᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠬᠤᠲᠠ ᠶᠢᠨ ᠲᠠᠪᠤᠨ ᠲᠣᠭᠤᠷᠢᠭ ᠳᠣᠲᠣᠷ᠎ᠠ ︽ᠭᠤᠷᠪᠠᠨ ᠨᠢᠭᠡᠳᠦᠭᠡᠷ︾ ᠢ ᠪᠡᠶᠡᠯᠡᠭᠦᠯᠪᠡ᠃ ᠡᠭᠦᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 281.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ  ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.1% ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 42.4% ᠨᠡᠮᠡᠭᠳᠡᠪᠡ᠃     ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠪᠠ ᠬᠥᠳᠡᠯᠭᠡᠭᠦ ᠬᠦᠴᠦᠨ ᠤ ᠡᠬᠢ ᠰᠤᠷᠪᠤᠯᠵᠢ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠴᠢᠩᠭ᠎ᠠ ᠬᠦᠴᠦᠲᠡᠢ ᠪᠠᠶᠢᠨ᠎ᠠ᠃ ᠭᠤᠣᠯᠳᠠᠯᠭ᠎ᠠ ᠲᠠᠢ ᠠᠵᠤ ᠦᠢᠯᠡᠰ ᠠᠴᠠ ᠦᠵᠡᠪᠡᠯ᠂ ᠬᠤᠪᠣᠷ ᠰᠢᠷᠣᠢ᠂ ᠬᠥᠩᠭᠡᠨ ᠴᠠᠭᠠᠨ ᠵᠡᠰ᠂ ᠲᠣᠨᠤᠭ ᠲᠥᠬᠦᠭᠡᠷᠦᠮᠵᠢ ᠦᠶᠯᠡᠳᠬᠦ᠂ ᠬᠡᠷᠡᠯ ᠸᠣᠯᠲ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 87.7% ᠳᠤ ᠬᠦᠷᠴᠡᠢ᠃ ᠡᠭᠦᠨ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 65.7% ᠨᠡᠮᠡᠭᠳᠡᠵᠦ᠂ 47.1% ᠶᠢ ᠡᠵᠡᠯᠡᠪᠡ  ᠃ ᠬᠥᠩᠭᠡᠨ ᠴᠠᠭᠠᠨ ᠵᠡᠰ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠵᠦ᠂ 31.7% ᠶᠢ ᠡᠵᠡᠯᠡᠵᠦ᠂ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 70.8% ᠨᠡᠮᠡᠭᠳᠡᠵᠦ᠂ 5.8% ᠶᠢ ᠡᠵᠡᠯᠡᠨ᠂ ᠬᠡᠷᠡᠯ ᠴᠡᠨᠡᠭ ᠤᠨ ᠠᠵᠤ ᠦᠢᠯᠡᠰ ᠤᠨ ᠨᠡᠮᠡᠭᠳᠡᠯ ᠥᠷᠲᠡᠭ 3.2% ᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 3.1 ᠵᠠᠭᠤᠨ ᠤ ᠨᠢᠭᠡᠴᠢ ᠪᠠᠷ ᠨᠡᠮᠡᠭᠳᠡᠭᠦᠯᠪᠠ᠃ ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠨᠢ 577.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.6% ᠨᠡᠮᠡᠭᠳᠡᠵᠡᠢ  ᠃ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 79.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.8% ᠪᠠᠷ ᠨᠡᠮᠡᠭᠳᠡᠪᠡ᠃     ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢ ᠲᠣᠪᠤᠶᠢᠯᠭᠠᠨ᠂ ︽ᠬᠡᠯᠬᠢᠶᠡᠨ ᠤ ᠳᠠᠷᠤᠭ᠎ᠠ ᠶᠢᠨ ᠳᠦᠷᠢᠮ᠂ ᠲᠤᠰᠬᠠᠢ ᠠᠩᠭᠢ ᠶᠢᠨ ᠳᠦᠷᠢᠮ᠂ ᠵᠢᠷᠤᠭ ᠤᠨ ᠵᠢᠭᠰᠠᠯ ᠤᠨ ᠳᠦᠷᠢᠮ︾ ᠤᠨ ᠦᠢᠯᠡᠴᠢᠯᠡᠭᠡᠨ ᠤ ᠵᠠᠭᠪᠤᠷ ᠢ ᠶᠡᠬᠡᠪᠡᠷ ᠬᠡᠷᠡᠭᠵᠢᠭᠦᠯᠵᠦ᠂ ᠬᠤᠪᠣᠷ ᠰᠢᠷᠣᠢ᠂ ᠬᠥᠩᠭᠡᠨ ᠴᠠᠭᠠᠨ ᠵᠡᠰ᠂ ᠲᠣᠨᠤᠭ ᠲᠥᠬᠦᠭᠡᠷᠦᠮᠵᠢ ᠦᠶᠯᠡᠳᠬᠦ᠂ ᠬᠡᠷᠡᠯ ᠴᠡᠨᠡᠭ ᠵᠡᠷᠭᠡ ︽ᠳᠥᠷᠪᠡᠨ ᠵᠠᠭᠤᠨ ᠳ᠋ᠦᠩᠰᠢᠭᠤᠷ︾ ᠤᠨ ᠠᠵᠤ ᠦᠢᠯᠡᠰ ᠤᠨ ᠬᠡᠯᠬᠢᠶᠡᠨ ᠤ ᠳᠣᠲᠣᠭᠠᠳᠤ ᠶᠢᠨ ᠬᠥᠳᠡᠯᠭᠡᠭᠦ ᠬᠦᠴᠦᠨ ᠢ ᠬᠦᠴᠦᠯᠡᠨ ᠬᠥᠭᠵᠢᠭᠡᠵᠦ᠂ ᠪᠠᠷᠢᠯᠭ᠎ᠠ ᠶᠢᠨ ᠮᠠᠲ᠋ᠧᠷᠢᠶᠠᠯ᠂ ᠬᠤᠳᠠᠯᠳᠤᠭᠠᠨ ᠤ ᠬᠡᠲᠦ ᠳᠡᠯᠭᠡᠭᠦᠷ᠂ ᠲᠡᠭᠡᠭᠡᠪᠦᠷᠢ᠂ ᠬᠥᠮᠥᠷᠭᠡᠯᠡᠯᠲᠡ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠠᠬᠢᠭᠤᠯᠤᠨ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ᠂ ᠰᠠᠶᠢᠵᠢᠷᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠣ ᠪᠠᠶᠢᠨ᠎ᠠ᠃     ᠠᠵᠤ ᠠᠬᠤᠶᠢᠯᠠᠯ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠭᠤᠣᠯ ᠣᠷᠣᠯᠴᠠᠭᠴᠢ ᠮᠥᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠠ ᠲᠤᠯᠭᠠᠭᠤᠷᠢ ᠮᠥᠨ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠪᠡᠯᠡ ᠣᠷᠣᠭᠤᠯᠤᠯᠲᠠ ᠶᠢ ᠥᠷᠭᠡᠳᠬᠡᠬᠦ ᠪᠠ ᠪᠦᠲᠦᠴᠡ ᠶᠢ ᠲᠣᠬᠢᠷᠠᠭᠤᠯᠬᠤ᠂ ᠳᠠᠪᠠᠭᠤᠯᠢᠭ ᠢ ᠡᠭᠦᠳᠬᠦ᠂ ᠳᠤᠲᠠᠭᠤᠳᠠᠯ ᠢ ᠨᠥᠬᠦᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠶᠢᠨ ᠯᠢ ᠲᠣᠭᠲᠠᠮᠠᠯ ᠰᠣᠷᠢᠨᠵᠢᠨ ᠤ 2 ᠲᠦᠮᠡᠨ ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠲᠥᠷᠥᠯ ᠵᠦᠢᠯ᠂ ᠬᠤᠸᠠ ᠳ᠋ᠢᠩ ᠤᠨ 10 ᠲᠦᠮᠡᠨ ᠲᠣᠨ ᠴᠠᠬᠢᠯᠭᠠᠨ ᠵᠠᠳᠠᠯᠤᠯ ᠤᠨ ᠵᠡᠰ᠂ ᠤᠮᠠᠷᠠᠲᠤ ᠶᠢᠨ ᠬᠤᠪᠢ ᠣᠷᠣᠭᠤᠯᠤᠭᠰᠠᠨ ᠵᠢᠯᠣᠭᠤᠴᠢ ᠦᠭᠡᠢ ᠣᠶᠤᠨᠲᠤ ᠠᠭᠤᠷᠬᠠᠢ ᠶᠢᠨ ᠲᠡᠷᠭᠡ᠂ ᠬᠤᠣᠰ ᠰᠠᠶᠢᠨ ᠴᠠᠬᠢᠭᠤᠷ ᠤᠨ ᠮᠠᠲ᠋ᠧᠷᠢᠶᠠᠯ 20GW ᠲᠠᠩ ᠲᠠᠯᠠᠰᠲᠤ ᠴᠠᠬᠢᠭᠤᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃     ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ ᠶᠢᠨ ᠲᠥᠯᠥᠭᠡ᠂ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠠᠰᠠ ᠬᠡᠷᠡᠭᠯᠡᠭᠡ ᠶᠢ ᠠᠬᠢᠭᠤᠯᠬᠤ ︽ᠬᠠᠮ ᠠᠷᠭ᠎ᠠ︾ ᠭᠠᠷᠭᠠᠵᠤ᠂ ᠮᠠᠰᠢᠨ ᠲᠡᠷᠭᠡᠨ ᠤ ᠣᠨᠴᠠᠯᠢᠭᠲᠤ ᠵᠡᠭᠡᠯᠢ ᠭᠤᠳᠤᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ︽ᠪᠣᠭᠤ ᠶᠢᠨ ᠬᠤᠳᠠ ᠳᠤ ᠪᠣᠯᠵᠣᠨ ᠮᠰᠢᠨ ᠲᠡᠷᠭᠡᠨ ᠤ ᠠᠰᠢᠭ  ᠢ ᠬᠦᠷᠳᠡᠭᠦ︾ ᠵᠡᠷᠭᠡ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠢ ᠠᠪᠴᠤ᠂ ᠪᠠᠷᠢᠯᠭ᠎ᠠ ᠶᠢᠨ ᠮᠠᠲ᠋ᠧᠷᠢᠶᠠᠯ ᠭᠡᠷ ᠤᠨ ᠬᠡᠷᠡᠭᠰᠡᠯ᠂ ᠠᠮᠢᠳᠤᠷᠠᠯ ᠤᠨ ᠬᠡᠷᠡᠭᠰᠡᠯ᠂ ᠢᠳᠡᠭᠡᠨ ᠤᠮᠳᠠᠭᠠᠨ ᠵᠡᠷᠭᠡ ᠬᠦᠷᠢᠶᠡᠨ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠬᠤᠳᠠ ᠶᠢᠨ ᠠᠷᠠᠳ ᠪᠠ ᠬᠦᠴᠢᠷᠳᠡᠯᠲᠡᠢ ᠬᠠᠮᠲᠤᠯᠢᠭ ᠲᠤ ᠡᠯ᠎ᠡ ᠲᠦᠷᠦᠯ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠃ ᠡᠨᠡ ᠵᠢᠯ ᠤᠨ 6 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ᠂ ᠮᠠᠰᠢᠨ ᠲᠡᠷᠭᠡ ᠪᠣᠷᠣᠯᠠᠭᠤᠯᠬᠤ 50 ᠭᠠᠷᠤᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠵᠠᠭᠤ ᠭᠠᠷᠤᠢ ᠵᠦᠢᠯ ᠤᠨ ᠰᠢᠲᠠᠭᠠᠯᠭ᠎ᠠ ᠶᠢᠨ ᠲᠣᠰᠣᠨ ᠤ ᠲᠡᠷᠭᠡ ᠪᠠ ᠰᠢᠨ᠎ᠡ ᠡᠨᠧᠷᠭᠢ ᠶᠢᠨ ᠰᠤᠷᠪᠤᠯᠵᠢ ᠶᠢᠨ ᠲᠡᠷᠭᠡ ᠲᠠᠢ ᠬᠤᠯᠪᠣᠭᠳᠠᠭᠤᠯᠤᠨ᠂ ᠮᠠᠰᠢᠨ ᠲᠡᠷᠭᠡ ᠬᠤᠳᠠᠯᠳᠤᠨ ᠠᠪᠤᠭᠴᠢ ᠳᠤ ᠵᠣᠬᠢᠴᠠᠩᠭᠤᠢ ᠪᠡᠯᠡᠨ ᠵᠣᠭᠤᠰ ᠤᠨ ᠨᠥᠬᠦᠪᠦᠷᠢ ᠣᠯᠭᠤᠪᠠ᠃ ᠠᠵᠢᠯᠯᠠᠭ᠎ᠠ ᠶᠢᠨ ᠲᠣᠰ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠲᠤᠭ᠎ᠠ ᠨᠡᠶᠢᠲᠡ 3.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ 38.1% ᠪᠠᠷ ᠨᠡᠮᠡᠭᠳᠡᠪᠡ᠃     ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠵᠤ ᠠᠬᠤᠶᠢᠯᠠᠯ ᠤᠨ ︽ᠪᠠᠴᠢᠮ ᠬᠦᠴᠢᠷᠲᠡᠢ ᠵᠣᠪᠠᠨᠢᠯ ᠬᠦᠰᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠭᠦ︾᠂ ︽ᠨᠢᠭᠡ ᠰᠦᠯᠵᠢᠶ᠎ᠡ ᠪᠠᠷ ᠪᠦᠬᠦᠨ ᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠳᠤᠲᠠᠭᠤ ᠶᠢ ᠡᠪᠯᠡᠭᠦᠯᠦᠨ  ᠬᠢᠨᠠᠨ ᠵᠥᠪᠰᠢᠶᠡᠷᠡᠬᠦ ᠳᠦᠷᠢᠮ︾᠂ ︽ᠠᠵᠤ ᠠᠬᠤᠶᠢᠯᠠᠯ ᠤᠨ ᠠᠮᠠᠯᠠᠯᠲᠠ ᠶᠢᠨ ᠳᠦᠷᠢᠮ︾ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ ᠬᠤᠳᠠᠯᠳᠤᠭ᠎ᠠ ᠶᠢ ᠲᠣᠭᠲᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠲᠠᠪᠤᠨ ᠨᠢᠭᠡ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠤᠳᠤᠷᠢᠳᠤᠯᠭ᠎ᠠ ᠬᠤᠯᠪᠣᠭᠠᠯᠠᠬᠤ ᠶᠢ ᠳᠠᠭᠠᠭᠠᠴᠢᠯᠠᠵᠤ ᠪᠠᠶᠢᠭᠰᠠᠨ ᠠᠴᠠ ᠪᠠᠨ ᠲᠤᠰᠬᠠᠢ ᠠᠩᠭᠢ ᠳᠤ ᠦᠢᠯᠡᠴᠢᠯᠡᠬᠦ ᠬᠦᠷᠲᠡᠯᠡᠬᠢ ᠪᠥᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠂ ᠰᠤᠷᠪᠤᠯᠵᠢᠯᠠᠵᠤ ᠪᠠᠶᠢᠭᠰᠠᠨ  ᠠᠴᠠ ᠪᠠᠨ ᠪᠥᠬᠦᠳᠡ ᠶᠢ ᠨᠢᠭᠡᠳᠬᠡᠬᠦ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠭᠠᠵᠠᠷ ᠰᠢᠷᠣᠢ ᠠᠪᠣᠭᠰᠠᠨ ᠳᠠᠷᠤᠢ ᠳᠤ ᠨᠢ ᠠᠵᠢᠯ ᠡᠬᠢᠯᠡᠭᠦᠯᠦᠨ᠎ᠡ︾ ᠭᠡᠳᠡᠭ ᠢ ︽ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠦᠨ᠎ᠡ︾ ᠪᠣᠯᠭᠠᠨ ᠬᠤᠪᠢᠷᠠᠭᠤᠯᠪᠠ᠃ ᠣᠲᠣ ᠪᠣᠯᠲᠠᠯ᠎ᠠ᠂ ᠴᠢᠬᠤᠯᠠ ᠶᠡᠭᠡ ᠵᠦᠢᠯᠡᠰ ᠤᠨ ᠠᠷᠪᠠᠨ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ ᠨᠢ 100% ᠳᠤ ᠬᠦᠷᠴᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 100% ᠳᠤ ᠭᠦᠷᠦᠭᠰᠡᠨ ᠪᠠᠶᠢᠨ᠎ᠠ᠃    ᠡᠭᠦᠨ ᠤ ᠵᠡᠷᠭᠡᠪᠡᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠠᠰᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠲᠣᠮᠣ ᠲᠦᠷᠦᠯ ᠵᠦᠢᠯ ᠢᠶᠠᠷ ᠬᠥᠲᠥᠯᠥᠨ  ᠲᠠᠭᠠᠭᠤᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂  ᠬᠤᠳᠠ ᠶᠢᠨ ᠠᠮᠢ ᠠᠬᠤᠢ ᠶᠢ ᠰᠠᠶᠢᠵᠢᠷᠠᠭᠤᠯᠣᠨ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ  ᠠᠬᠢᠭᠤᠯᠵᠣ ᠪᠠᠶᠢᠨ᠎ᠠ᠃ ᠲᠦᠷᠦᠭᠦᠸ ᠬᠠᠭᠠᠰ ᠵᠢᠯ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 28600 ᠲᠥᠭᠦᠷᠢᠭ   ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ᠃    ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠵᠤᠭᠠᠴᠠᠬᠤ ᠳᠤ ᠲᠣᠬᠢᠷᠠᠮᠵᠢᠲᠠᠢ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠤᠲᠠ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ︽ᠠᠷᠠᠳ ᠤᠨ ᠶᠡᠭᠡ ᠠᠮᠢᠳᠤᠷᠠᠯ︾ ᠢ ᠲᠣᠪᠣᠶᠢᠮ᠎ᠠ ᠰᠠᠶᠢᠲᠤᠷ ᠠᠳᠬᠤᠵᠣ ᠪᠠᠶᠢᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠳᠠᠭᠤᠷᠢᠶᠠᠯ ᠪᠣᠯᠬᠤ᠂ ᠵᠢᠱᠢᠶ᠎ᠡ ᠦᠵᠡᠭᠦᠯᠬᠦ᠂ ᠲᠡᠷᠢᠭᠦᠨ ᠤ ᠬᠢ ᠶᠢ ᠲᠡᠮᠡᠴᠡᠨ ᠣᠯᠬᠤ︾ ᠶᠡᠷᠦᠩᠬᠡᠢ ᠬᠦᠭ ᠠᠶᠠᠰ ᠢ ᠪᠠᠲᠤ ᠡᠵᠡᠮᠳᠡᠵᠦ᠂ ᠲᠦᠷᠦᠯ ᠵᠦᠢᠯ ᠢᠶᠠᠷ ᠭᠠᠷᠳᠠᠴᠠ ᠪᠣᠯᠭᠠᠨ ᠥᠭᠡᠷᠡᠴᠢᠯᠡᠯᠲᠡ ᠪᠠᠷ ᠬᠥᠳᠡᠯᠭᠡᠭᠦ ᠬᠦᠴᠦᠨ᠂ ᠬᠡᠷᠡᠭᠵᠢᠭᠦᠯᠬᠦ ᠪᠠᠷ ᠪᠠᠲᠤᠯᠠᠭ᠎ᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠡᠭᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠪᠣᠯᠣᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号