ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠴᠡᠭᠴᠡᠯᠡᠯᠳᠡ ᠬᠢᠵᠣ ᠪᠣᠢ
ᠨᠡᠶᠢᠲᠡᠯᠡᠭᠰᠡᠨ ᠴᠠᠭ᠄
2022/9/19
    ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠠᠴᠠ ᠨᠠᠰᠢ᠂ ᠰᠤᠷᠭᠠᠭᠤᠯᠢ ᠶᠢᠨ ᠡᠷᠬᠢᠨ ᠲᠣᠭᠤᠷᠢᠨ ᠤ ᠨᠡᠭᠦᠳᠡᠯ ᠬᠤᠳᠠᠯᠳᠤᠭᠠᠨ ᠤ ᠡᠷᠦᠬᠡ ᠡᠬᠢᠯᠡᠨ ᠴᠤᠭᠯᠠᠷᠠᠵᠤ᠂ ᠡᠷᠬᠢᠨ ᠲᠣᠭᠤᠷᠢᠨ ᠤ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠡᠪ ᠤᠨ ᠵᠠᠮ ᠬᠠᠷᠢᠯᠴᠠᠭ᠎ᠠ ᠶᠢ ᠴᠤ ᠨᠥᠯᠥᠭᠡᠯᠡᠭᠰᠡᠨ ᠢᠶᠠᠷ ᠪᠠᠷᠠᠬᠤ ᠦᠭᠡᠢ᠂ ᠪᠣᠷᠣᠯᠠᠭᠤᠯᠬᠤ ᠲᠠᠸᠠᠷ ᠤᠨ ᠶᠠᠰᠤ ᠴᠢᠨᠠᠷ ᠤᠨ ᠪᠠᠲᠤᠯᠠᠭ᠎ᠠ ᠴᠤ ᠦᠭᠡᠢ ᠪᠣᠯᠵᠠᠢ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠣᠪᠣᠷ ᠰᠤᠷᠲᠠᠯ ᠪᠠ ᠪᠣᠳᠠᠲᠠᠢ ᠠᠷᠭ᠎ᠠ ᠬᠡᠮᠵᠢᠶ᠎ᠡ ᠪᠠᠷ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠥᠷᠭᠡᠨ ᠤᠯᠠᠨ ᠰᠤᠷᠤᠭᠴᠢᠳ ᠲᠤ ᠴᠡᠪᠡᠷ ᠴᠡᠮᠴᠡᠭᠡᠷ᠂ ᠲᠠᠭᠠᠯᠠᠮᠵᠢᠲᠠᠢ ᠡᠮᠬᠢ ᠳᠢᠭᠯᠢᠮ ᠲᠠᠢ ᠰᠤᠷᠤᠯᠴᠠᠬᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠪᠠᠷ ᠬᠦᠴᠦᠯᠡᠨ ᠴᠢᠷᠮᠠᠶᠢᠪᠠ᠃     ᠨᠢᠭᠡ ᠳᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠶᠢ ᠲᠣᠪᠤᠶᠢᠯᠭᠠᠨ᠂ ᠬᠦᠴᠦᠨ ᠢᠶᠠᠨ ᠲᠥᠪᠯᠡᠷᠡᠭᠦᠯᠦᠨ ᠡᠯ᠎ᠡ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠬᠥᠮᠥᠨ ᠪᠠ ᠠᠵᠢᠯ ᠤᠨ ᠪᠠᠶᠢᠷᠢ ᠲᠣᠭᠲᠠᠭᠠᠵᠤ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠣᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ ᠵᠡᠷᠭᠡ ᠰᠠᠮᠠᠭᠤᠨ ᠦᠵᠡᠭᠳᠡᠯ ᠢ ᠪᠦᠲᠦᠮᠵᠢᠲᠡᠢ ᠬᠠᠮᠢᠶᠠᠷᠤᠨ ᠡᠵᠡᠮᠳᠡᠪᠠ ᠃ ᠬᠤᠶᠠᠷ ᠲᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠤᠭᠴᠢᠳ ᠲᠤ ᠵᠠᠮ ᠡᠵᠡᠯᠡᠭᠰᠡᠨ ᠡᠵᠡᠩᠨᠡᠯᠲᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠪᠠ ︽ᠭᠤᠷᠪᠠ ᠦᠭᠡᠢ︾ ᠢᠳᠡᠭᠡᠨ ᠤ ᠵᠦᠢᠯ ᠤᠨ ᠬᠥᠮᠥᠨ ᠤ ᠪᠡᠶ᠎ᠡ ᠳᠤ ᠤᠴᠠᠷᠠᠭᠤᠯᠬᠤ ᠬᠤᠣᠷ ᠬᠥᠨᠥᠭᠡᠯ ᠢ ᠣᠶᠢᠯᠠᠭᠠᠭᠤᠯᠵᠤ᠂ ᠰᠤᠷᠤᠭᠴᠢᠳ ᠤᠨ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠭᠡᠢ ᠪᠠᠶᠢᠬᠤ ᠶᠢ ᠰᠠᠨᠠᠭᠠᠴᠢᠯᠠᠨ ᠵᠠᠮ ᠤᠨ ᠬᠠᠵᠠᠭᠤ ᠶᠢᠨ ᠳᠡᠯᠭᠡᠴᠡ ᠶᠢ ᠵᠣᠭᠰᠣᠭᠠᠪᠠ᠃ ᠡᠭᠦᠨ ᠤ ᠵᠡᠷᠭᠡ ᠳᠤ ᠨᠡᠭᠦᠳᠡᠯ ᠬᠤᠳᠠᠯᠳᠤᠭᠠᠨ ᠤ ᠡᠷᠦᠬᠡ  ᠎ ᠶᠢᠨ ᠥᠪᠡᠷ  ᠎ ᠢ ᠪᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠬᠦ  ᠎ ᠶᠢ ᠱᠠᠭᠠᠷᠳᠠᠵᠤ᠂ ᠨᠡᠭᠦᠳᠡᠯ ᠬᠤᠳᠠᠯᠳᠤᠭᠠᠨ ᠤ ᠡᠷᠦᠬᠡ  ᠎ ᠶᠢᠨ ᠵᠢᠷᠤᠮᠵᠢᠭᠤᠨ ᠡᠵᠡᠩᠨᠡᠯᠲᠡ  ᠎ ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ᠂ ᠬᠠᠤᠯᠢ  ᠎ ᠶᠢ ᠰᠠᠬᠢᠵᠤ ᠡᠵᠡᠩᠨᠡᠬᠦ ᠬᠠᠷᠢᠭᠤᠴᠠᠯᠭ᠎ᠠ ᠪᠠ ᠤᠬᠠᠮᠰᠠᠷ  ᠎ ᠢ ᠨᠢ ᠲᠡᠭᠰᠢᠯᠡᠭᠦᠯᠦᠨ ᠰᠤᠷᠭᠠᠭᠤᠯᠢ  ᠎ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠲᠣᠭᠤᠷᠢᠨ  ᠎ ᠢ ᠴᠡᠭᠴᠡᠯᠡᠨ ᠵᠠᠰᠠᠬᠤ ᠠᠵᠢᠯ  ᠎ ᠢ ᠬᠠᠮᠲᠤ ᠪᠠᠷ ᠠᠬᠢᠭᠤᠯᠵᠣ ᠪᠣᠢ᠃     ᠲᠠᠷᠠᠭᠠᠴᠢ ᠶᠢᠨ ᠠᠯᠬᠤᠮ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠳᠡᠯᠭᠡᠭᠦᠷ ᠤᠨ ᠭᠠᠳᠠᠨ᠎ᠠ ᠡᠵᠡᠩᠨᠡᠬᠦ᠂ ᠵᠠᠮ ᠡᠵᠡᠯᠡᠨ ᠡᠵᠡᠩᠨᠡᠬᠦ ᠵᠡᠷᠭᠡ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠤᠨ ᠦᠷᠭᠦᠯᠵᠢᠯᠡᠨ ᠰᠠᠶᠢᠨ ᠴᠢᠭᠯᠡᠯ ᠢᠶᠠᠷ ᠬᠦᠭᠵᠢᠭᠦ ᠶᠢ ᠪᠠᠳᠣᠯᠠᠬᠤ ᠪᠠᠷ ᠴᠢᠷᠮᠠᠶᠢᠵᠣ ᠪᠣᠢ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号