ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠵᠤ ᠪᠤᠢ ᠶᠠᠪᠤᠳᠠᠯ  — ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ
ᠨᠡᠶᠢᠲᠡᠯᠡᠭᠰᠡᠨ ᠴᠠᠭ᠄
2022/9/28
ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠵᠤ ᠪᠤᠢ ᠶᠠᠪᠤᠳᠠᠯ  — ᠨᠣᠮ ᠤᠩᠰᠢᠬᠤ ᠳᠤᠷᠠᠲᠠᠢ᠂ ᠰᠠᠶᠢᠨ ᠨᠣᠮ  ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ             4 ᠰᠠᠷ᠎ᠠ ᠶᠢᠨ 23 ᠤ ᠡᠳᠦᠷ ᠪᠤᠯ ᠳᠡᠯᠡᠬᠡᠶ ᠶᠢᠨ ᠨᠣᠮ ᠤᠩᠰᠢᠬᠤ ᠡᠳᠦᠷ᠃ ᠠᠩᠬᠠᠳᠤᠭᠠᠷ ᠬᠤᠭᠤᠴᠠᠭᠠᠨ ᠤ  ᠪᠦᠬᠦ ᠠᠷᠠᠳ ᠤᠨ ᠤᠩᠰᠢᠯᠭ᠎ᠠ ᠶᠢᠨ ᠶᠡᠭᠡ ᠬᠤᠷᠠᠯ ᠲᠤᠰ ᠡᠳᠦᠷ ᠪᠡᠭᠡᠵᠢᠩ ᠳᠤ ᠡᠬᠢᠯᠡᠵᠦ᠂ ᠶᠡᠷᠦᠩᠬᠡᠢ ᠱᠦᠵᠢ  ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠪᠡ᠃             ᠪᠠᠶᠠᠷ ᠤᠨ ᠵᠠᠬᠢᠳᠠᠯ ᠳᠠᠭᠠᠨ᠂ ᠶᠡᠷᠦᠩᠬᠡᠢ ᠱᠦᠵᠢ ᠰᠢ ᠶᠢᠨ ᠫᠢᠩ ︽ᠥᠷᠭᠡᠨ ᠤᠯᠠᠨ ᠨᠠᠮ ᠤᠨ ᠭᠡᠰᠢᠭᠦᠨ᠂  ᠺᠠᠳ᠋ᠷ ᠲᠦᠷᠦᠭᠦᠯᠡᠨ ᠨᠣᠮ ᠤᠩᠰᠢᠨ ᠰᠤᠷᠤᠯᠴᠠᠵᠤ᠂ ᠪᠡᠶ᠎ᠡ ᠪᠠᠨ ᠵᠠᠰᠠᠵᠤ ᠡᠷᠴᠢ ᠵᠣᠷᠢᠭ ᠢᠶᠠᠨ ᠲᠡᠪᠳᠡᠵᠤ᠂ ᠡᠷᠳᠡᠮ  ᠴᠢᠳᠠᠪᠤᠷᠢ ᠪᠠᠨ ᠨᠡᠮᠡᠭᠳᠡᠭᠦᠯᠬᠦ ᠶᠢ ᠬᠦᠰᠡᠪᠡ︔ ᠬᠡᠦᠬᠡᠳ ᠪᠠᠭᠠᠴᠤᠳ ᠤᠩᠰᠢᠯᠭ᠎ᠠ ᠶᠢᠨ ᠳᠠᠳᠬᠠᠯ ᠲᠠᠢ ᠪᠣᠯᠵᠤ᠂  ᠪᠠᠶᠠᠷ ᠬᠥᠷ ᠲᠠᠢ ᠪᠠᠷ ᠨᠣᠮ ᠤᠩᠰᠢᠵᠤ᠂ ᠡᠷᠡᠭᠦᠯ ᠢᠶᠠᠷ ᠦᠰᠦᠨ ᠪᠤᠶᠢᠵᠢᠬᠤ ᠶᠢ ᠬᠦᠰᠡᠪᠡ︔ ᠨᠡᠶᠢᠭᠡᠮ  ᠳᠠᠶᠠᠭᠠᠷ ᠢᠶᠠᠨ ᠨᠣᠮ ᠤᠩᠰᠢᠬᠤ ᠳᠤ ᠣᠷᠣᠯᠴᠠᠵᠤ᠂ ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ  ᠤᠩᠰᠢᠬᠤ ᠳᠠᠭᠠᠨ ᠴᠢᠳᠠᠮᠠᠭᠠᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠪᠡ︾᠃              ᠡᠨᠡ ᠬᠦ ᠨᠤᠮ ᠤᠨ ᠬᠡᠰᠢᠭ ᠢᠶᠠᠷ ᠪᠢᠯᠬᠠᠬᠰᠠᠨ ᠡᠳᠦᠷ᠂ ᠶᠡᠷᠦᠩᠬᠡᠢ ᠱᠦᠵᠢ ᠶᠢᠨ ︽ᠬᠦᠰᠡᠯ ᠡᠷᠡᠮᠡᠯᠵᠡᠯ︾ ᠢ  ᠲᠠᠭᠠᠵᠤ᠂ ᠪᠢᠳᠡ ᠲᠡᠳ᠋ᠨ ᠨᠠᠷ ᠤᠨ ᠨᠣᠮ ᠪᠢᠴᠢᠭ ᠯᠦᠭᠡ ᠶᠢᠨ ᠦᠯᠢᠭᠡᠷ ᠢ ᠰᠤᠨᠤᠰᠤᠶ᠎ᠡ ᠁              ᠪᠡᠶ᠎ᠡ ᠪᠠᠨ ᠵᠠᠰᠠᠵᠤ ᠡᠷᠴᠢ ᠵᠣᠷᠢᠭ ᠢᠶᠠᠨ ᠲᠡᠪᠳᠡᠵᠤ᠂ ᠡᠷᠳᠡᠮ ᠴᠢᠳᠠᠪᠤᠷᠢ ᠪᠠᠨ ᠨᠡᠮᠡᠭᠳᠡᠬᠦᠯᠦᠨ᠎ᠡ              ᠳᠡᠯᠡᠬᠡᠶ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠭᠢᠷᠢᠨ ᠮᠤᠵᠢ ᠶᠢᠨ ᠳ᠋ᠦᠨᠬᠤᠸᠠ  ᠬᠤᠳᠠ ᠶᠢᠨ ᠱᠠ ᠾᠧ ᠶᠠᠨ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠶᠢᠨ ᠨᠣᠮ ᠤᠩᠰᠢᠬᠤ  ᠥᠷᠥᠭᠡ ᠳᠤ ᠂ ᠨᠢᠭᠡᠨ ᠲᠠᠯᠠᠪᠠᠢ ︽ᠨᠤᠮ ᠤᠨ ᠬᠡᠰᠢᠭᠳᠦ ᠪᠠᠶᠢᠭᠤᠯᠭ᠎ᠠ︾ ᠨᠣᠮ ᠤᠩᠰᠢᠵᠤ ᠬᠤᠪᠢᠶᠠᠯᠴᠠᠬᠤ  ᠠᠵᠢᠯᠯᠠᠭ᠎ᠠ ᠪᠤᠯᠵᠤᠬᠰᠠᠨ ᠴᠠᠭ ᠲᠠᠭᠠᠨ ᠶᠠᠪᠤᠬᠳᠠᠵᠤ ᠪᠢᠯᠡ᠃ ᠡᠩ ᠤᠨ ᠦᠶ᠎ᠡ ᠳᠤ ᠠᠵᠢᠯ ᠶᠠᠭᠠᠷᠠᠤ  ᠪᠠᠶᠢᠭᠤᠯᠭ᠎ᠠ ᠶᠢᠨ ᠺᠠᠳ᠋ᠷᠴᠤᠳ ᠲᠣᠭᠤᠷᠢᠨ ᠰᠠᠭᠤᠯᠴᠠᠵᠤ᠂ ᠬᠤᠪᠢᠰᠬᠠᠯ ᠤᠨ ᠰᠣᠩᠭᠤᠳᠠᠭ ᠦᠯᠢᠭᠡᠷ ᠢ ᠳᠠᠬᠢᠨ  ᠤᠩᠰᠢᠵᠤ᠂ ᠦᠨᠳᠦᠰᠦᠨ ᠱᠠᠲᠤᠨ ᠤ ᠠᠵᠢᠯ ᠤᠨ ᠲᠤᠬᠠᠢ ᠲᠥᠷᠥᠭᠳᠡᠯ ᠢᠶᠠᠨ ᠬᠤᠪᠢᠶᠠᠯᠴᠠᠵᠤ ᠪᠠᠶᠢᠯ᠎ᠠ᠃              ᠡᠨᠡ ᠪᠣᠯ ᠣᠶᠢᠷ᠎ᠠ ᠶᠢᠨ ᠵᠢᠯ ᠠᠴᠠ ᠨᠠᠭᠠᠰᠢᠬᠢ ᠭᠢᠷᠢᠨ ᠮᠤᠵᠢ ᠶᠢᠨ ︽ᠨᠤᠮ ᠤᠨ ᠬᠡᠰᠢᠭᠳᠦ ᠪᠠᠶᠢᠭᠤᠯᠭ᠎ᠠ︾  ᠶᠢᠨ ᠠᠭᠤᠷ ᠠᠮᠢᠰᠬᠤᠯ ᠢ ᠪᠣᠶ ᠪᠣᠯᠭᠠᠵᠤ᠂ ᠺᠠᠳ᠋ᠷ ᠤᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠦᠭᠰᠡᠨ ᠨᠢᠭᠡᠨ  ᠦᠵᠡᠭᠳᠡᠯ ᠪᠣᠯᠤᠨ᠎ᠠ᠃ ᠠᠯᠢ ᠡᠷᠲᠡ ᠬᠤᠶᠠᠷ ᠵᠢᠯ ᠤᠨ ᠡᠮᠦᠨ᠎ᠡ᠂ ᠭᠢᠷᠢᠨ ᠮᠤᠵᠢ ᠶᠢᠨ ᠰᠢᠭᠤᠳ ᠬᠠᠷᠢᠶ᠎ᠠ  ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠨᠣᠮ ᠤᠩᠰᠢᠬᠤ ᠰᠠᠨᠠᠭᠠᠴᠢᠯᠠᠭ᠎ᠠ ᠭᠠᠷᠭᠠᠵᠤ᠂ ᠪᠠᠶᠢᠭᠤᠯᠭ᠎ᠠ ᠶᠢᠨ  ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ  ᠠᠵᠢᠯᠴᠢᠨ ᠢ ᠢᠯᠡᠭᠦᠬᠡᠨ ᠨᠣᠮ ᠤᠩᠰᠢᠵᠤ᠂ ᠢᠯᠡᠭᠦᠬᠡᠨ ᠰᠡᠳᠬᠢᠵᠤ᠂ ᠢᠯᠡᠭᠦᠬᠡᠨ ᠦᠢᠯᠡᠳᠦᠯᠬᠡᠵᠢᠬᠦᠯᠬᠦ ᠶᠢ  ᠤᠷᠢᠶᠠᠯᠠᠪᠠ᠃ ᠡᠭᠦᠨ ᠠᠴᠠ ᠰᠡᠭᠦᠯᠡᠷ᠂ ᠭᠢᠷᠢᠨ ᠮᠤᠵᠢ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠳᠡᠯᠡᠬᠡᠶ ᠶᠢᠨ ᠨᠣᠮ ᠤᠩᠰᠢᠬᠤ ᠡᠳᠦᠷ᠂ ᠵᠠᠯᠠᠭᠤᠴᠤᠳ ᠤᠨ ᠪᠠᠶᠠᠷ᠂ ᠨᠠᠮ ᠪᠠᠶᠢᠭᠤᠯᠤᠭᠳᠠᠭᠰᠠᠨ ᠡᠳᠦᠷ᠂ ᠤᠯᠤᠰ ᠤᠨ  ᠪᠠᠶᠠᠷ ᠵᠡᠷᠭᠡ ᠵᠠᠩᠭᠢᠯᠠᠭ᠎ᠠ ᠶᠢᠨ ᠠᠵᠠ ᠲᠤᠬᠢᠶᠠᠯ ᠢ ᠠᠳᠬᠤᠵᠤ᠂ ᠨᠣᠮ ᠤᠩᠰᠢᠬᠰᠠᠨ ᠢᠯᠡᠳᠬᠡᠯ᠂ ᠰᠣᠩᠭᠤᠳᠠᠭ  ᠵᠣᠬᠢᠶᠠᠯ ᠤᠩᠰᠢᠬᠤ᠂ ᠨᠣᠮ ᠤᠩᠰᠢᠬᠰᠠᠨ ᠵᠣᠬᠢᠶᠠᠯ ᠡᠯᠰᠡᠬᠦ᠂ ᠮᠡᠳᠡᠯᠭᠡ ᠶᠢᠨ ᠤᠷᠤᠯᠳᠤᠭᠠᠨ ᠵᠡᠷᠭᠡ ᠠᠭᠤᠯᠭ᠎ᠠ ᠪᠠᠷ  ᠪᠠᠶᠠᠯᠢᠭ᠂ ᠬᠡᠯᠪᠡᠷᠢ ᠣᠯᠠᠨ ᠶᠠᠩᠵᠤ ᠶᠢᠨ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠨᠣᠮ ᠤᠩᠰᠢᠬᠤ ᠭᠦᠨ  ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃               ᠡᠨᠡ ᠵᠢᠯ ᠤᠨ ᠳᠡᠯᠡᠬᠡᠢ ᠶᠢᠨ ᠨᠣᠮ ᠤᠩᠰᠢᠬᠤ ᠡᠳᠦᠷ ᠢ ᠤᠭᠲᠤᠬᠤ ᠶᠢᠨ ᠲᠥᠯᠥᠭᠡ᠂ ᠬᠢᠷᠢᠨ ᠤ ᠶᠠᠩ ᠵᠢᠩ  ᠢᠦᠢ ᠺᠠᠳ᠋ᠷ ᠤᠨ ᠳᠡᠭᠡᠳᠦ ᠰᠤᠷᠭᠠᠭᠤᠯᠢ ︽ᠬᠤᠪᠢᠰᠬᠠᠯ ᠤᠨ ᠨᠣᠮ ᠤᠩᠰᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ  ᠤᠯᠠᠮᠵᠢᠯᠠᠬᠤ︾ ᠨᠣᠮ ᠤᠩᠰᠢᠵᠤ ᠰᠣᠨᠢᠷᠬᠠᠬᠤ ᠠᠵᠢᠯᠯᠠᠭ᠎ᠠ ᠥᠷᠨᠢᠭᠦᠯᠵᠦ᠂ ᠳᠡᠭᠡᠳᠦ ᠰᠤᠷᠭᠠᠭᠤᠯᠢ ᠶᠢᠨ ᠨᠣᠮ ᠤᠨ  ᠰᠠᠩ ᠤᠨ ᠡᠯᠪᠡᠭ ᠪᠠᠶᠠᠯᠢᠭ ᠬᠤᠪᠢᠰᠬᠠᠯ ᠤᠨ ᠡᠬᠢ ᠪᠠᠶᠠᠯᠢᠭ ᠪᠤᠯᠤᠬᠰᠠᠨ ᠲᠤᠯᠭᠤᠷ ᠪᠢᠴᠢᠭ ᠢ ᠠᠰᠢᠭᠯᠠᠵᠤ᠂ ᠪᠦᠬᠦ  ᠪᠠᠭᠰᠢ ᠠᠵᠢᠯᠳᠠᠨ ᠤ ︽ᠰᠠᠶᠢᠨ ᠨᠣᠮ ᠤᠩᠰᠢᠵᠤ᠂ ᠰᠢᠷᠭᠠᠭᠤ ᠰᠡᠳᠬᠢᠵᠦ᠂ ᠴᠢᠳᠠᠮᠠᠭᠠᠢ ᠪᠠᠷ ᠳ᠋ᠦᠩᠨᠡᠬᠦ︾  ᠰᠤᠷᠤᠯᠴᠠᠯᠭ᠎ᠠ ᠶᠢᠨ ᠬᠠᠯᠠᠭᠤᠨ ᠰᠡᠳᠬᠢᠯᠭᠡ ᠶᠢ ᠬᠥᠭᠵᠢᠭᠡᠪᠡ ᠁ ᠤᠯᠠᠨ ᠵᠢᠯ ᠠᠵᠢᠯᠯᠠᠭᠰᠠᠨ ᠨᠠᠮ ᠤᠨ ᠭᠡᠰᠢᠭᠦᠨ  ᠺᠠᠳ᠋ᠷ᠂ ᠤᠯᠠᠨ ᠤᠳᠠᠭ᠎ᠠ  ᠶᠢᠨ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ ᠪᠠᠷ ᠳᠠᠮᠵᠢᠨ᠂ ᠨᠣᠮ ᠤᠩᠰᠢᠭᠰᠠᠨ  ᠲᠦᠷᠦᠭᠳᠡᠯ ᠢᠶᠠᠨ ᠰᠣᠯᠢᠯᠴᠠᠵᠤ᠂ ᠦᠰᠦᠨ ᠪᠤᠶᠢᠵᠢᠯᠳᠠ ᠶᠢᠨ ᠵᠠᠮ ᠳᠠᠭᠠᠨ ᠦᠯᠡᠮᠵᠢ ᠤᠯᠤᠯᠳᠠ ᠲᠠᠢ ᠪᠤᠯᠵᠠᠢ᠃               ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠳᠤᠷ᠎ᠠ᠂ ᠨᠠᠮ ᠤᠨ ᠭᠡᠰᠢᠭᠦᠨ ᠺᠠᠳ᠋ᠷ ᠤᠨ  ᠨᠣᠮ ᠤᠩᠰᠢᠬᠤ ᠠᠭᠤᠷ ᠠᠮᠢᠰᠬᠤᠯ ᠶᠠᠪᠤᠬᠤ ᠲᠤᠳᠤᠮ ᠬᠦᠨ ᠵᠤᠵᠠᠭᠠᠨ ᠪᠣᠯᠪᠠ᠃             ᠮᠠᠰᠢᠨ ᠲᠤᠨᠤᠬᠯᠠᠯ ᠬᠦᠷᠴᠢᠭᠢᠨᠡᠵᠦ᠂ ᠦᠢᠯᠡᠳᠪᠦᠷᠢᠯᠡᠯ ᠤᠨ ᠱᠤᠭᠤᠮ ᠥᠨᠳᠥᠷ ᠬᠤᠷᠳᠤᠴᠠ ᠪᠠᠷ ᠡᠷᠬᠢᠯᠳᠦᠵᠤ᠂  ᠠᠵᠢᠯᠴᠢᠳ ᠶᠠᠭᠠᠷᠠᠯᠲᠠᠶ ᠠᠵᠢᠯᠯᠠᠨ᠎ᠠ᠃ ᠭᠢᠷᠢᠨ ᠮᠤᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠢᠯᠡᠯᠳᠠ ᠶᠢ ᠤᠯᠤᠬᠰᠠᠨ ᠤ ᠲᠠᠷᠠᠭ᠎ᠠ᠂ ᠭᠢᠷᠢᠨ ᠤ ᠬᠢᠮᠢ ᠶᠢᠨ ᠰᠢᠷᠬᠡᠭ ᠤᠨ ᠪᠦᠯᠦᠭᠯᠡᠯ ᠴᠦ ᠵᠠᠯᠭᠠᠭ᠎ᠠ ᠪᠠᠷ  ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ ᠨᠠᠮ ᠤᠨ ᠭᠡᠰᠢᠭᠦᠨ ᠺᠠᠳ᠋ᠷ ᠡᠮᠦᠨ᠎ᠡ ᠹᠷᠣᠨᠲ ᠲᠤ  ᠭᠠᠪᠰᠢᠭᠠᠶᠢᠯᠠᠪᠠ᠃ ᠵᠠᠩᠭᠢᠯᠠᠭ᠎ᠠ ᠶᠢᠨ ᠴᠠᠭ ᠮᠥᠴᠡ ᠪᠣᠯᠬᠤ ᠲᠤᠳᠤᠮ ᠦᠵᠡᠯ ᠰᠠᠨᠠᠭᠠᠨ ᠤ ᠪᠠᠶᠢᠭᠤᠯᠤᠯᠲᠠ ᠶᠢ ᠤᠯᠠᠮ  ᠴᠢᠩᠭᠠᠳᠬᠠᠵᠤ᠂ ᠦᠢᠯᠡᠳᠪᠦᠷᠢᠯᠡᠯ ᠤᠨ ᠠᠵᠢᠯ ᠤᠨ ᠴᠢᠯᠥᠭᠡᠨ ᠳᠡᠭᠡᠨ᠂ ᠠᠵᠤ ᠠᠬᠤᠶᠢᠯᠠᠯ ᠤᠨ ᠨᠠᠮ ᠤᠨ ᠵᠣᠬᠢᠶᠠᠨ  ᠪᠠᠶᠢᠭᠤᠯᠤᠯᠲᠠ ᠠᠴᠠ ᠰᠦᠯᠵᠢᠶᠡᠨ ᠳᠡᠭᠡᠷ᠎ᠡ ᠪᠠᠶᠠᠯᠢᠭ ᠠᠭᠤᠯᠭ᠎ᠠ ᠪᠦᠬᠦᠢ ᠨᠣᠮ ᠤᠩᠰᠢᠬᠤ ᠠᠵᠢᠯᠯᠠᠭ᠎ᠠ ᠥᠷᠨᠢᠭᠦᠯᠪᠡ᠃               ᠠᠵᠤ ᠠᠬᠤᠶᠢᠯᠠᠯ ᠤᠨ ᠨᠠᠮ ᠤᠨ ᠬᠤᠷᠢᠶᠠᠨ ᠤ ᠱᠦᠵᠢ ᠰᠦᠩ ᠳ᠋ᠧ ᠦ᠋ ᠪᠣᠯ ᠨᠢᠬᠡᠨ ᠨᠣᠮ ᠤᠨ  ᠬᠤᠷᠤᠬᠠᠶᠢᠳᠠᠨ ᠃ ᠲᠡᠷᠡ᠂ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ︾ ᠪᠣᠯ ᠠᠵᠤ ᠠᠬᠤᠶᠢᠯᠠᠯ ᠤᠨ  ᠰᠣᠶᠣᠯ ᠤᠨ ᠴᠢᠬᠤᠯᠠ ᠪᠦᠷᠢᠯᠳᠦᠬᠦᠨ ᠮᠥᠨ᠂ ᠨᠠᠮ ᠤᠨ ᠭᠡᠰᠢᠭᠦᠨ ᠺᠠᠳ᠋ᠷᠴᠤᠳ ᠪᠣᠯ ᠬᠠᠮᠤᠭ ᠤᠨ ᠢᠳᠡᠪᠬᠢᠲᠡᠶ ᠨᠣᠮ  ᠤᠩᠰᠢᠬᠤ ᠪᠠᠭ᠋ᠠᠳᠠᠳ ᠪᠤᠯᠤᠨ᠎ᠠ᠃ ᠠᠬᠤᠶᠢᠯᠠᠯ ᠤᠨ ᠬᠢᠨ ᠣᠶᠢᠷ᠎ᠠ ᠶᠢᠨ ᠵᠢᠯ ᠳᠤ ᠰᠤᠷᠤᠯᠴᠠᠬᠤ ᠮᠠᠶ᠋ᠢᠭ ᠤᠨ ᠨᠠᠮ ᠤᠨ  ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠪᠠᠰᠠ ᠰᠠᠷ᠎ᠠ ᠪᠦᠷᠢ  ᠨᠠᠮ ᠤᠨ ᠭᠡᠰᠢᠭᠦᠨ ᠤ ᠰᠤᠷᠤᠯᠴᠠᠬᠤ ᠲᠥᠯᠥᠪᠯᠡᠭᠡ ᠲᠣᠭᠲᠠᠭᠠᠵᠤ  ᠬᠡᠷᠡᠭᠵᠢᠬᠦᠯᠵᠤ ᠪᠠᠶᠢᠨ᠎ᠠ᠃ ᠤᠯᠠᠮᠵᠢᠯᠠᠯᠲᠤ ᠨᠣᠮ  ᠪᠢᠴᠢᠭ ᠤᠨ ᠪᠤᠯᠤᠩ ᠠᠴᠠ ᠭᠠᠳᠠᠨ᠎ᠠ᠂ ᠠᠵᠤ ᠠᠬᠤᠶᠢᠯᠠᠯ ᠤᠨ ᠬᠢᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾  ᠤᠨ ᠲᠠᠪᠴᠠᠩ ᠤᠨ ᠴᠢᠳᠠᠮᠵᠢ ᠶᠢ ᠪᠠᠳᠠᠷᠠᠭᠤᠯᠵᠤ᠂ ᠪᠢᠴᠢᠯ ᠨᠠᠮ ᠤᠨ ᠬᠢᠴᠢᠶᠡᠯ᠂ ᠨᠠᠮ ᠤᠨ ᠲᠦᠷᠢᠮ ᠨᠠᠮ ᠤᠨ  ᠰᠠᠬᠢᠯᠭ᠎ᠠ ᠵᠡᠷᠭᠡ 7 ᠰᠤᠷᠤᠯᠴᠠᠯᠭ᠎ᠠ ᠶᠢᠨ ᠲᠤᠰᠬᠠᠢ ᠰᠡᠳᠦᠪ ᠢ ᠲᠤᠬᠢᠷᠠᠭᠤᠯᠪᠠ ᠭᠡᠪᠠ᠃               ᠶᠡᠷᠦᠩᠬᠡᠢ ᠱᠦᠵᠢ ᠰᠢ ᠶᠢᠨ ᠫᠢᠩ᠂ ᠡᠷᠳᠡᠮ ᠰᠢᠨᠵᠢᠯᠡᠭᠡᠨ᠂ ᠮᠡᠳᠡᠯᠭᠡ ᠨᠢ ᠵᠥᠪᠬᠡᠨ ᠠᠮᠠᠨ ᠳᠡᠭᠡᠷ᠎ᠡ ᠪᠠᠨ  ᠶᠠᠷᠢᠭᠠᠳ ᠪᠠᠶᠢᠵᠤ ᠪᠣᠯᠬᠤ ᠦᠭᠡᠢ᠂ ᠬᠠᠷᠢᠨ ᠪᠣᠳᠠᠲᠠᠢ ᠲᠠᠢ ᠤᠶᠠᠯᠳᠤᠭᠤᠯᠵᠤ᠂ ᠮᠡᠳᠡᠬᠦᠢ ᠬᠢᠬᠦᠢ ᠪᠠᠨ ᠨᠢᠭᠡᠳᠬᠡᠵᠦ᠂  ᠪᠣᠳᠠᠰ ᠢ ᠰᠢᠨᠵᠢᠨ ᠮᠡᠳᠡᠯᠭᠡ ᠶᠢ ᠡᠵᠡᠮᠰᠢᠵᠦ᠂ ᠰᠤᠷᠤᠭᠰᠠᠨ ᠢᠶᠠᠨ ᠬᠡᠷᠡᠭᠯᠡᠬᠦ ᠴᠢᠳᠠᠬᠤ ᠬᠡᠷᠡᠭᠲᠡᠢ ᠬᠡᠵᠤ ᠵᠢᠭᠠᠵᠤ  ᠭᠠᠷᠭᠠᠵᠤ ᠦᠩᠬᠡᠷᠡᠵᠡᠢ᠃ ᠭᠢᠷᠢᠨ ᠮᠤᠵᠢ ᠶᠢᠨ ᠪᠠᠶᠢᠭᠤᠯᠭ᠎ᠠ᠂ ᠠᠵᠤ ᠠᠬᠤᠶᠢᠯᠠᠯ ᠤᠨ ᠳᠤᠮᠳᠠ᠂ ᠨᠠᠮ ᠤᠨ ᠭᠡᠰᠢᠭᠦᠨ  ᠺᠠᠳ᠋ᠷᠴᠤᠳ ᠡᠨᠡᠬᠦ ᠣᠶᠢᠯᠠᠭᠠᠭᠳᠠᠬᠤᠨ ᠢ ᠢᠳᠡᠪᠬᠢᠳᠡᠢ ᠦᠢᠯᠡᠳᠦᠯᠭᠡᠵᠢᠭᠦᠯᠵᠦ ᠪᠠᠶᠢᠨ᠎ᠠ᠃ ᠭᠢᠷᠢᠨ ᠤ ᠬᠢᠮᠢ ᠶᠢᠨ  ᠰᠢᠷᠬᠡᠭ ᠤᠨ ᠪᠦᠯᠦᠭᠯᠡᠯ ᠤᠨ ᠨᠠᠮ ᠤᠨ ᠭᠡᠰᠢᠭᠦᠨ ᠯᠢᠦ ᠴᠠᠩ ᠴᠢᠩ  ᠪᠤᠯ ᠲᠠᠷᠤᠢ ᠨᠣᠮ ᠪᠢᠴᠢᠭ ᠠᠴᠠ ᠰᠡᠩᠬᠡᠷᠡᠭᠦᠯᠦᠯ  ᠭᠥᠷᠳᠡᠵᠦ᠂ ᠰᠢᠨ᠎ᠡ ᠠᠦ᠋ᠲ᠋ᠣ᠋ ᠨᠤᠤᠰᠤᠨ ᠨᠡᠬᠡᠮᠡᠯ ᠤᠨ ᠵᠤᠷᠪᠤᠰᠯᠢᠭ ᠪᠦᠰᠡ ᠶᠢᠨ  ᠦᠢᠯᠡᠳᠪᠦᠷᠢᠯᠡᠯ ᠤᠨ ᠱᠤᠭᠤᠮ ᠢ  ᠰᠤᠳᠤᠯᠤᠨ ᠨᠡᠭᠡᠭᠡᠵᠦ᠂ ᠦᠢᠯᠡᠳᠪᠦᠷᠢᠯᠡᠯ ᠤᠨ ᠦᠷ᠎ᠡ ᠠᠰᠢᠭ ᠢ ᠲᠡᠭᠡᠭᠰᠢᠯᠡᠬᠦᠯᠵᠤ᠂ ᠬᠥᠮᠦᠨ ᠤ ᠬᠦᠴᠦᠨ ᠤ  ᠬᠥᠳᠡᠯᠮᠦᠷᠢ ᠶᠢᠨ ᠥᠪᠡᠷ ᠤᠨ ᠥᠷᠲᠡᠭ ᠢ ᠪᠠᠭᠠᠰᠬᠠᠵᠠᠶ᠃ ᠨᠠᠮ ᠤᠨ ᠭᠡᠰᠢᠭᠦᠨ ᠺᠠᠳ᠋ᠷ ᠲᠤᠰᠬᠠᠶ ᠮᠡᠷᠭᠡᠵᠢᠯ ᠤᠨ ᠨᠣᠮ ᠢ  ᠤᠩᠰᠢᠵᠤ ᠦᠨᠳᠦᠰᠦᠨ ᠱᠠᠲᠤᠨ ᠤ ᠵᠠᠰᠠᠯᠲᠠ ᠶᠢᠨ ᠲᠡᠷᠢᠭᠦᠨ ᠤ ᠲᠤᠷᠰᠢᠯᠭ᠎ᠠ ᠶᠢ ᠰᠢᠩᠭᠡᠭᠡᠨ ᠠᠪᠴᠤ᠂ ᠰᠢᠨ᠎ᠡ ᠠᠵᠤ  ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ  ᠪᠠᠳᠠᠷᠠᠭᠤᠯᠪᠠ ᠁ ᠣᠨᠣᠯ ᠤᠨ  ᠬᠤᠷᠠᠮᠳᠤᠭᠤᠯᠭ᠎ᠠ ᠶᠠᠪᠤᠬᠤ ᠲᠤᠲᠤᠮ ᠵᠤᠵᠠᠭᠠᠷᠠᠵᠤ᠂ ᠬᠥᠭᠵᠢᠨ ᠮᠠᠨᠳᠤᠯᠳᠠ ᠶᠢᠨ  ᠵᠠᠮ ᠶᠠᠪᠤᠬᠤ ᠲᠤᠲᠤᠮ ᠥᠷᠭᠡᠵᠢᠪᠡ᠃               ᠪᠠᠶᠠᠷ ᠬᠥᠷ ᠲᠠᠢ ᠪᠠᠷ ᠨᠣᠮ ᠤᠩᠰᠢᠵᠤ᠂ ᠡᠷᠡᠭᠦᠯ ᠢᠶᠠᠷ ᠦᠰᠦᠨ ᠪᠤᠶᠢᠵᠢᠨ᠎ᠠ               ᠳᠡᠯᠡᠬᠡᠢ ᠶᠢᠨ ᠨᠣᠮ ᠤᠩᠰᠢᠬᠤ ᠡᠳᠦᠷ ᠢ ᠤᠭᠲᠤᠬᠤ ᠶᠢᠨ ᠲᠥᠯᠥᠭᠡ᠂ ᠾᠧᠪᠸᠢ ᠮᠤᠵᠢ ᠶᠢᠨ ᠰᠢᠨ ᠾᠧ  ᠰᠢᠶᠠᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ︽ᠵᠠᠯᠠᠭᠤᠴᠤᠳ ᠪᠠᠭᠠᠴᠤᠳ ᠤᠨ  ᠤᠯᠤᠰ ᠢᠶᠠᠨ ᠬᠠᠶᠢᠷᠠᠯᠠᠬᠤ ᠦᠵᠡᠯ ᠤᠨ ᠨᠣᠮ ᠤᠩᠰᠢᠬᠤ ᠬᠥᠮᠦᠵᠢᠯ ᠤᠨ ᠠᠵᠢᠯᠯᠠᠭ᠎ᠠ︾ ᠪᠠ ︽ᠨᠤᠮ ᠤᠩᠰᠢᠬᠤ  ᠳᠤᠷᠠᠲᠠᠢ ᠬᠤᠳᠠ•ᠨᠣᠮ   ᠤᠨ ᠬᠡᠰᠢᠭᠳᠦ ᠰᠢᠨ  ᠡᠾᠧ︾  ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂  ᠡᠯᠪᠡᠭ ᠪᠠᠶᠠᠯᠢᠭ ᠬᠡᠯᠪᠡᠷᠢ ᠪᠦᠬᠦᠢ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃     ᠰᠢᠨ ᠾᠧ ᠰᠢᠶᠠᠨ ᠤ ᠹᠸᠢ ᠮᠠ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠨᠣᠮ ᠤᠩᠰᠢᠬᠤ ᠡᠳᠦᠷ ᠤᠨ ᠭᠤᠤᠯ  ᠰᠡᠳᠦᠪᠲᠦ ᠤᠩᠰᠢᠯᠭ᠎ᠠ ᠶᠢᠨ ᠠᠵᠢᠯᠯᠠᠭ᠎ᠠ᠂ ᠪᠠᠶᠢᠩᠭᠤᠵᠢᠬᠰᠠᠨ ᠦᠪᠡᠷᠮᠢᠴᠡ ᠴᠢᠨᠡᠷᠳᠡᠢ ᠤᠩᠰᠢᠯᠭ᠎ᠠ ᠶᠢ ᠬᠡᠯᠡ  ᠪᠢᠴᠢᠭ ᠤᠨ ᠬᠢᠴᠢᠶᠡᠯ ᠤᠨ ᠲᠠᠩᠬᠢᠮ ᠯᠤᠭ᠎ᠠ ᠤᠶᠠᠯᠳᠤᠭᠤᠯᠵᠤ᠂ ᠡᠯ᠎ᠡ ᠠᠩᠭᠢ ᠳᠤ ︽ᠡᠭᠦᠷᠢᠳᠡ ᠨᠠᠮ ᠢᠶᠠᠨ ᠳᠠᠭᠠᠵᠤ  ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠲᠡᠮᠡᠴᠡᠶ᠎ᠡ︾ ᠭᠡᠬᠦ ᠤᠩᠰᠢᠯᠭ᠎ᠠ  ᠶᠢᠨ ᠨᠣᠮ ᠢ ᠲᠠᠷᠬᠠᠭᠠᠬᠤ ᠶᠢᠨ ᠬᠠᠮᠲᠤ ︽ ᠮᠢᠨᠦ ᠬᠠᠮᠤᠭ ᠤᠨ ᠳᠤᠷᠠᠲᠠᠶ ᠨᠣᠮ︾ ᠬᠡᠬᠦ ᠰᠠᠶᠢᠨ ᠨᠣᠮ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠨᠣᠮ ᠤᠨ  ᠬᠡᠰᠢᠭ ᠢ ᠰᠤᠷᠭᠠᠭᠤᠯᠢ ᠶᠢᠨ ᠬᠦᠷᠢᠶᠡᠨ ᠳᠤ ᠪᠢᠯᠬᠠᠭᠤᠯᠵᠤ᠂ ᠨᠣᠮ ᠤᠨ ᠬᠡᠰᠢᠭ ᠢᠶᠠᠷ ᠬᠡᠦᠬᠡᠳ ᠤᠨ ᠰᠡᠳᠬᠢᠯ ᠢ  ᠤᠮᠳᠠᠯᠠᠵᠤ᠂ ᠤᠩᠰᠢᠯᠭ᠎ᠠ ᠶᠢ ᠬᠡᠦᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠪᠠᠷ ᠦᠰᠦᠨ ᠪᠤᠶᠢᠵᠢᠬᠤ ᠵᠠᠮ ᠳᠤ  ᠲᠤᠳᠠᠬᠳᠠᠵᠤ ᠪᠤᠯᠤᠰᠢ ᠦᠬᠡᠢ ᠬᠠᠨᠢ ᠪᠣᠯᠭᠠᠪᠠ᠃               ︽ᠤᠩᠰᠢᠯᠭ᠎ᠠ ᠶᠢᠨ ᠠᠵᠢᠯᠯᠠᠭ᠎ᠠ ᠶᠢ ᠡᠷᠭᠢᠯᠡᠬᠦ ᠪᠠᠷ ᠳᠡᠮᠵᠢᠨ᠂ ᠮᠠᠨ ᠤ ᠰᠤᠷᠭᠠᠭᠤᠯᠢ ᠨᠤᠮ ᠤᠩᠰᠢᠬᠤ ᠭᠦᠨ  ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠰᠠᠶᠢᠨ ᠰᠠᠶᠢᠬᠠᠨ  ᠤᠩᠰᠢᠯᠭ᠎ᠠ ᠶᠢᠨ ᠳᠠᠳᠬᠠᠯ ᠲᠠᠢ ᠪᠣᠯᠭᠠᠵᠠᠶ᠃ ᠬᠤᠶᠢᠰᠢᠳᠠ ᠰᠤᠷᠭᠠᠭᠤᠯᠢ ᠠᠴᠠ ᠰᠤᠷᠤᠭᠴᠢᠳ ᠢ ᠨᠠᠩ ᠣᠯᠠᠨ  ᠰᠤᠷᠤᠯᠴᠠᠬᠤ ᠳᠤᠷᠠᠲᠠᠶ᠂ ᠤᠩᠰᠢᠬᠤ ᠳᠤᠷᠠᠲᠠᠶ  ᠠᠵᠢᠯᠯᠠᠭ᠎ᠠ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ︾ ᠭᠡᠵᠦ  ᠰᠤᠷᠭᠠᠭᠤᠯᠢ ᠶᠢᠨ ᠵᠠᠬᠢᠷᠤᠯ ᠹᠦ᠋ ᠢᠦᠢ ᠰᠢᠨ ᠬᠡᠯᠡᠵᠤ ᠪᠢᠯᠡ᠃       ᠦᠩᠬᠡᠳᠤ ᠴᠡᠴᠡᠭ ᠲᠡᠯᠬᠡᠷᠡᠬᠦᠶ᠎ᠡ  ᠤᠷᠠᠨ ᠪᠤᠯᠵᠤᠮᠤᠷ ᠵᠢᠷᠬᠢᠨ᠎ᠠ᠃  ᠱᠠᠨᠰᠢ ᠮᠤᠵᠢ ᠶᠢᠨ ᠶᠠᠨ ᠠᠨ  ᠬᠤᠳᠠ ᠶᠢᠨ ᠸᠧᠨ ᠠᠨ ᠢ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠠᠴᠠ ᠢᠷᠠᠭᠤ  ᠴᠡᠭᠡᠯᠭᠡᠨ ᠨᠣᠮ ᠤᠩᠰᠢᠬᠤ ᠲᠠᠭᠤᠨ ᠪᠠᠶᠢᠩᠭᠤ ᠰᠣᠨᠣᠰᠳᠠᠨ᠎ᠠ᠃ ︽︿ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠨᠢ  ﹀ ᠭᠡᠬᠦ ᠨᠣᠮ ᠨᠢ ᠪᠢᠳᠡᠨ ᠳᠤ ᠠᠵᠢᠯ ᠬᠢᠬᠦ ᠳᠡᠭᠡᠨ  ᠴᠤᠴᠡᠰᠢ ᠦᠬᠡᠢ ᠪᠠᠷᠢᠮᠳᠠᠯᠠᠬᠤ ᠬᠠᠳᠠᠨ ᠵᠣᠷᠢᠭ ᠲᠠᠢ ᠪᠠᠶᠢᠬᠤ  ᠬᠡᠷᠡᠭᠲᠡᠢ᠂ ᠰᠢᠨᠲᠠᠷᠠᠰᠢ ᠦᠭᠡᠢ ᠴᠢᠷᠮᠠᠶᠢᠪᠠᠯ ᠰᠠᠶ᠋ᠢ ᠢᠯᠠᠯᠲᠠ ᠣᠯᠵᠤ ᠴᠢᠳᠠᠨ᠎ᠠ ᠭᠡᠳᠡᠭ ᠶᠤᠰᠤ ᠶᠢ ᠬᠡᠯᠡᠵᠦ ᠥᠭᠴᠡᠢ︾ ᠭᠡᠵᠦ ᠭᠤᠷᠪᠠᠳᠤᠭᠠᠷ ᠣᠨ ᠤ ᠾᠦᠢ ᠸᠧᠨ ᠴᠢᠩ ᠥᠪᠡᠷ ᠤᠨ ᠨᠣᠮ ᠤᠩᠰᠢᠭᠰᠠᠨ ᠣᠯᠤᠯᠲᠠ ᠪᠠᠨ ᠬᠤᠪᠢᠶᠠᠯᠴᠠᠵᠤ  ᠪᠠᠶᠢᠯ᠎ᠠ᠃              ᠨᠤᠮ ᠤᠩᠰᠢᠬᠤ ᠶᠢ ᠵᠣᠷᠢᠭᠵᠢᠭᠤᠯᠬᠤ᠂ ᠶᠠᠷᠢᠯᠴᠠᠨ ᠬᠤᠪᠢᠶᠠᠯᠴᠠᠬᠤ᠂ ᠨᠡᠶᠢᠯᠡᠭᠦᠯᠦᠨ ᠰᠢᠩᠭᠡᠭᠡᠵᠦ  ᠨᠡᠪᠲᠡᠷᠡᠲᠡᠯ᠎ᠡ ᠣᠶᠢᠯᠠᠭᠠᠬᠤ ᠪᠣᠯ ᠭᠤᠷᠪᠠᠳᠤᠭᠠᠷ ᠣᠨ ᠤ ᠬᠡᠯᠡ ᠪᠢᠴᠢᠭ ᠤᠨ ᠵᠢᠭᠠᠨ ᠰᠤᠷᠭᠠᠯᠲᠠ ᠶᠢ ᠬᠠᠷᠢᠭᠤᠴᠠᠵᠤ  ᠪᠠᠶᠢᠭ᠎ᠠ ᠭᠤᠣ ᠸᠧᠨ ᠾᠦᠢ ᠪᠠᠭᠰᠢ ᠶᠢᠨ ᠭᠤᠷᠪᠠᠨ ᠶᠡᠭᠡ ᠡᠷᠳᠡᠨᠢ ᠪᠣᠯᠤᠨ᠎ᠠ᠃ ᠭᠠᠷᠠᠭ ᠤᠨ ᠰᠡᠭᠦᠯᠴᠢ ᠳᠤ ᠲᠡᠷᠡ  ᠰᠤᠷᠤᠭᠴᠢᠳ ᠤᠨ ᠭᠡᠷ ᠲᠡᠭᠡᠨ ᠬᠠᠷᠢᠵᠤ ᠶᠣᠭᠲᠠ ᠦᠯᠢᠭᠡᠷ ᠰᠤᠷᠬᠤ ᠶᠢ ᠵᠣᠷᠢᠭᠵᠢᠭᠤᠯᠵᠤ᠂ ᠬᠤᠶᠠᠳᠤᠭᠠᠷ  ᠭᠠᠷᠠᠭ ᠤᠨ ︽ᠨᠣᠮ ᠤᠩᠰᠢᠬᠤ ᠰᠣᠯᠢᠯᠴᠠᠭᠠᠨ ᠤ ᠬᠤᠷᠠᠯ︾ ᠳᠡᠭᠡᠷ᠎ᠡ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂  ᠪᠢ ᠨᠢᠬᠡ ᠬᠡᠯᠡᠳᠡᠯ᠎ᠡ ᠲᠡᠷᠡ ᠨᠢᠬᠡ ᠶᠠᠷᠢᠬᠤ ᠲᠤᠮᠳᠠ ᠮᠠᠰᠢ ᠣᠯᠠᠨ ᠬᠥᠮᠦᠨ ᠤ ᠠᠮᠢᠳᠤᠷᠠᠯ ᠤᠨ ᠶᠣᠰᠣ ᠤᠴᠢᠷ ᠢ  ᠰᠤᠷᠴᠤ ᠡᠵᠡᠮᠰᠢᠬᠦ ᠪᠣᠯᠤᠨ᠎ᠠ᠃              ᠭᠤᠤ ᠸᠧᠨ ᠾᠦᠢ ᠪᠠᠭᠰᠢ ︽ᠰᠢᠯᠢᠳᠡᠭ ᠵᠣᠬᠢᠶᠠᠯ ᠤᠩᠰᠢᠬᠤ ᠠᠴᠠ ᠭᠠᠷᠳᠠᠵᠤ᠂ ᠬᠢᠴᠢᠶᠡᠯ ᠤᠨ ᠲᠠᠩᠬᠢᠮ ᠢ  ᠬᠢᠴᠢᠶᠡᠯ ᠤᠨ ᠭᠠᠳᠠᠨ᠎ᠠ ᠬᠦᠷᠲᠡᠯ᠎ᠡ  ᠲᠡᠯᠡᠷᠡᠬᠦᠯᠵᠤ᠂ ᠰᠤᠷᠤᠭᠴᠢᠳ ᠢ ᠬᠢᠴᠢᠶᠡᠯ ᠳᠡᠭᠡᠷ᠎ᠡ ᠠᠷᠭ᠎ᠠ ᠪᠠᠷᠢᠯ  ᠡᠵᠡᠮᠰᠢᠭᠦᠯᠵᠦ᠂ ᠬᠢᠴᠢᠶᠡᠯ ᠤᠨ ᠳᠠᠷᠠᠭ᠎ᠠ ᠦᠢᠯᠡᠳᠦᠯᠬᠡᠵᠢᠬᠦᠯᠬᠦ   ᠬᠡᠷᠡᠭᠲᠡᠶ᠃ ᠸᠧᠨ ᠠᠨ ᠢ ᠪᠠᠯᠭᠠᠰᠤᠨ ᠤ ᠭᠤᠣᠯ  ᠪᠠᠭ᠎ᠠ ᠰᠤᠷᠭᠠᠭᠤᠯᠢ ᠪᠣᠯ ᠬᠥᠳᠡᠭᠡ ᠲᠣᠰᠬᠤᠨ ᠤ ᠰᠤᠷᠭᠠᠭᠤᠯᠢ ᠪᠣᠯᠤᠨ᠎ᠠ᠂ ᠰᠤᠷᠤᠭᠴᠢᠳ ᠤᠨ ᠭᠡᠷ ᠪᠦᠯᠢ ᠶᠢᠨ  ᠨᠥᠬᠦᠴᠡᠯ ᠵᠡᠷᠭᠡ ᠪᠤᠰᠤᠳᠴᠢ ᠰᠢᠯᠲᠠᠭᠠᠨ ᠠᠴᠠ ᠪᠤᠯᠵᠤ᠂ ᠮᠡᠳᠡᠯᠭᠡ ᠶᠢᠨ ᠬᠡᠪᠴᠢᠶ᠎ᠡ ᠨᠢ ᠨᠡᠭᠡᠭᠡᠭᠳᠡᠭᠰᠡᠨ ᠦᠭᠡᠢ᠂  ᠬᠠᠷᠠᠭ᠎ᠠ ᠥᠷᠭᠡᠵᠢᠭᠰᠡᠨ ᠦᠭᠡᠢ᠂ ᠡᠶᠢᠮᠦ ᠠᠴᠠ ᠨᠣᠮ ᠤᠩᠰᠢᠬᠤ ᠪᠣᠯ ᠮᠠᠰᠢ ᠰᠠᠶᠢᠨ ᠴᠤᠩᠬᠤᠪᠴᠢ ᠪᠠ ᠲᠠᠪᠴᠠᠩ  ᠪᠣᠯᠤᠨ᠎ᠠ︾ ᠭᠡᠪᠡ᠃ ᠰᠤᠷᠭᠠᠭᠤᠯᠢ ᠠᠴᠠ ᠭᠠᠷᠠᠭ ᠪᠦᠷᠢ ᠬᠤᠶᠠᠷ ᠤᠳᠠᠭ᠎ᠠ ᠶᠢᠨ ᠤᠩᠰᠢᠯᠭ᠎ᠠ ᠶᠢᠨ ᠨᠡᠶᠢᠭᠡᠮᠯᠢᠭ ᠤᠨ  ᠠᠵᠢᠯᠯᠠᠭ᠎ᠠ ᠥᠷᠨᠢᠭᠦᠯᠵᠦ᠂ ᠪᠦᠬᠦ ᠰᠤᠷᠭᠠᠭᠤᠯᠢ ᠶᠢᠨ 120 ᠭᠠᠷᠤᠢ ᠪᠠᠭ᠎ᠠ ᠰᠤᠷᠭᠠᠭᠤᠯᠢ ᠶᠢᠨ ᠰᠤᠷᠤᠭᠴᠢᠳ ᠴᠥᠮ  ᠪᠠᠶᠠᠷ ᠬᠦᠷ ᠲᠠᠢ ᠪᠠᠷ ᠣᠷᠣᠯᠴᠠᠵᠤ᠂ ᠣᠷᠣᠯᠴᠠᠬᠤ ᠦᠬᠡᠢ ᠬᠥᠮᠦᠨ ᠲᠤᠩ ᠴᠥᠭᠡᠨ ᠪᠠᠶᠢᠳᠠᠭ᠃              ᠡᠲᠡᠭᠡᠷ ᠠᠵᠢᠯᠯᠠᠭ᠎ᠠ ᠠᠴᠠ ᠲᠡᠷᠡ᠂ ᠬᠡᠦᠬᠡᠳ ᠤᠨ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ  ᠬᠥᠮᠦᠵᠢᠭᠦᠯᠬᠦ ᠳᠤ ᠬᠡᠦᠬᠡᠳ ᠦᠶ᠎ᠡ ᠠᠴᠠ ᠡᠬᠢᠯᠡᠨ ᠠᠳᠬᠤᠵᠤ᠂ ᠤᠩᠰᠢᠯᠭ᠎ᠠ ᠨᠢ ᠰᠤᠷᠤᠭᠴᠢᠳ ᠲᠤ ᠠᠮᠢᠳᠤᠷᠠᠯ  ᠳᠤᠮᠳᠠᠬᠢ ᠰᠠᠶᠢᠨ ᠰᠠᠶᠢᠬᠠᠨ ᠢ ᠢᠯᠡᠷᠡᠭᠦᠯᠬᠦ ᠳᠤ ᠨᠠᠩ ᠴᠢᠳᠠᠮᠠᠭᠠᠶ ᠪᠣᠯᠭᠠᠵᠤ᠂ ᠡᠭᠦᠨ ᠤ ᠤᠯᠠᠮ ᠠᠴᠠ ᠠᠮᠢᠳᠤᠷᠠᠯ ᠢ  ᠨᠠᠩ ᠬᠠᠶᠢᠷᠠᠯᠠᠵᠤ ᠂ ᠵᠥᠪ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠪᠠ ᠠᠯᠤᠰ ᠬᠡᠲᠦ ᠶᠢᠨ  ᠬᠦᠰᠡᠯᠡᠩ ᠢ ᠪᠣᠶ ᠪᠣᠯᠭᠠᠵᠤ᠂ ᠲᠡᠳᠡᠨ ᠢ ᠨᠠᠩ ᠥᠷᠭᠡᠨ ᠰᠠᠷᠠᠭᠤᠯ  ᠢᠷᠡᠭᠡᠳᠦᠢ ᠵᠦᠭ ᠲᠡᠮᠡᠦᠯᠬᠦ ᠶᠢ   ᠵᠤᠷᠢᠬᠵᠢᠭᠤᠯᠳᠠᠭ ᠭᠡᠳᠡᠭ ᠢ ᠭᠦᠨᠵᠡᠭᠡᠶ ᠣᠶᠢᠯᠠᠭᠠᠪᠠ᠃      ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂  ᠨᠤᠮ ᠤᠩᠰᠢᠬᠤ ᠳᠠᠭᠠᠨ ᠴᠢᠳᠠᠮᠠᠭᠠᠢ ᠪᠠᠶᠢᠬᠤ ᠬᠦᠨ  ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠦᠨ᠎ᠡ              ᠬᠤᠸᠠᠩᠱᠠᠨ ᠠᠭᠤᠯᠠᠨ ᠤ ᠬᠤᠷᠮᠣᠶ ᠳᠠᠬᠢ ᠯᠢ ᠶᠠᠩ ᠬᠠᠭᠤᠴᠢᠨ ᠵᠡᠭᠡᠯᠢ ᠳᠤ᠂ ᠣᠨ ᠰᠠᠷ᠎ᠠ ᠶᠢ ᠡᠯᠡᠭᠡᠭᠰᠡᠬᠡᠷ  300 ᠰᠢᠬᠠᠮ ᠵᠢᠯ ᠪᠣᠯᠤᠭᠰᠠᠨ ᠡᠾᠦᠶᠢᠵᠸᠦ ᠶᠢᠨ ᠪᠦᠯᠦᠭ ᠤᠨ ᠨᠢᠬᠡᠨ ᠬᠠᠭᠤᠴᠢᠨ ᠰᠠᠭᠤᠴᠠ ᠬᠥᠭᠵᠢᠶᠡᠨᠲᠦ ᠵᠡᠭᠡᠯᠢ   ᠶᠢᠨ ᠲᠤᠮᠳᠠ ᠨᠢᠭᠤᠭᠳᠠᠵᠤ  ᠪᠤᠢ᠃ ᠡᠳᠦᠭᠡ᠂ ᠲᠡᠷᠡ ᠨᠢ ᠨᠢᠭᠡᠨᠲᠡ ᠤᠯᠠᠮᠵᠢᠯᠠᠯ ᠪᠣᠯᠤᠨ ᠤᠳᠤ ᠦᠶ᠎ᠡ ᠶᠢ  ᠤᠶᠠᠯᠳᠤᠭᠤᠯᠤᠬᠰᠠᠨ ᠂ ᠤᠩᠰᠢᠯᠭ᠎ᠠ ᠪᠣᠯᠤᠨ ᠰᠣᠶᠣᠯ ᠵᠢᠭᠤᠯᠴᠢᠯᠠᠯ ᠢ ᠬᠤᠣᠰᠯᠠᠭᠤᠯᠤᠭᠰᠠᠨ ᠬᠠᠮ ᠬᠡᠯᠪᠡᠷᠢ ᠶᠢᠨ  ᠬᠤᠳᠠ ᠶᠢᠨ ᠤᠩᠰᠢᠯᠭ᠎ᠠ ᠶᠢᠨ ᠣᠷᠣᠨ ᠵᠠᠢ —  ᠵᠡᠠ ᠴᠤᠸᠠᠨ  ᠪᠢᠴᠢᠭ ᠤᠨ  ᠲᠤᠪᠴᠢᠶ᠎ᠡ ᠪᠤᠯᠪᠠ᠃              2017 ᠣᠨ ᠠᠴᠠ ᠡᠮᠦᠨ᠎ᠡ᠂ ᠪᠢᠴᠢᠭ ᠤᠨ ᠲᠤᠪᠴᠢᠶ᠎ᠡ ᠶᠢ ᠡᠭᠦᠰᠭᠡᠨ ᠪᠠᠶᠢᠭᠤᠯᠤᠭᠴᠢ ᠳ᠋ᠠᠢ ᠰᠢᠶᠤᠤ ᠯᠢᠶᠠᠩ  ᠡᠨᠡ ᠬᠦ ᠬᠠᠭᠤᠴᠢᠨ ᠰᠠᠭᠤᠴᠠ ᠯᠤᠭ᠎ᠠ ᠶᠢᠨ ᠬᠤᠪᠢ ᠪᠠᠷᠢᠯᠳᠤᠯᠭ᠎ᠠ ᠶᠢ ᠲᠠᠯᠪᠢᠬᠰᠠᠨ ᠪᠠᠶᠢᠵᠠᠢ᠃ ︽ᠲᠤᠬᠠᠢ ᠶᠢᠨ  ᠦᠶ᠎ᠡ ᠳᠤ᠂ ᠰᠠᠶᠢᠨ ᠲᠡᠦᠬᠡ ᠶᠢᠨ ᠳᠤᠷᠠᠰᠬᠠᠯᠲᠤ ᠵᠦᠢᠯᠡᠰ ᠲᠤ ᠰᠢᠨ᠎ᠡ ᠤᠳᠬ᠎ᠠ ᠠᠭᠤᠯᠭ᠎ᠠ ᠤᠯᠭᠤᠪᠠᠯ ᠵᠤᠬᠢᠨ᠎ᠠ  ᠭᠡᠵᠦ ᠪᠤᠳᠤᠬᠰᠠᠨ ᠶᠤᠮ︾᠃ ᠠᠷᠪᠠᠨ ᠬᠡᠳᠦᠨ ᠵᠢᠯ ᠤᠨ ᠨᠣᠮ ᠤᠨ ᠳᠡᠯᠭᠡᠭᠦᠷ ᠤᠨ ᠡᠵᠡᠩᠨᠡᠯᠲᠡ ᠶᠢᠨ  ᠲᠤᠷᠰᠢᠯᠭ᠎ᠠ ᠲᠠᠢ ᠳ᠋ᠠᠢ ᠰᠢᠶᠤᠤ ᠯᠢᠶᠠᠩ ᠤᠩᠰᠢᠯᠭ᠎ᠠ ᠪᠠᠷ ᠬᠠᠭᠤᠴᠢᠨ ᠰᠠᠭᠤᠴᠠ   ᠳᠤ ︽ᠠᠮᠢ ᠤᠯᠭᠤᠬᠤ︾ ᠪᠠᠷ  ᠲᠣᠭᠲᠠᠪᠠ᠃              2019 ᠣᠨ ᠠᠴᠠ ᠡᠬᠢᠯᠡᠨ᠂ ᠬᠠᠭᠤᠴᠢᠨ ᠰᠠᠭᠤᠴᠠ ᠶᠢ ᠬᠠᠮᠠᠭᠠᠯᠠᠯᠳᠠ ᠶᠢᠨ ᠴᠢᠨᠠᠷᠲᠠᠢ ᠰᠡᠷᠭᠦᠭᠡᠨ ᠵᠠᠰᠠᠬᠤ  ᠢᠨᠵᠧᠨᠧᠷᠢᠩ   ᠢ ᠡᠬᠢᠯᠡᠬᠦᠯᠪᠡ᠃ 2020 ᠣᠨ ᠤ 10 ᠰᠠᠷ᠎ᠠ ᠳᠤ᠂  ᠵᠡᠠ ᠴᠤᠸᠠᠨ ᠪᠢᠴᠢᠭ ᠤᠨ ᠲᠤᠪᠴᠢᠶ᠎ᠡ  ᠡᠬᠦᠳᠡ  ᠪᠠᠨ ᠨᠡᠬᠡᠬᠡᠵᠦ᠂ ᠠᠨᡁᠦ᠋ᠢ ᠮᠤᠵᠢ ᠶᠢᠨ ᠠᠩᠬᠠᠳᠠᠭᠴᠢ ᠡᠾᠦᠶᠢᠵᠸᠦ ᠶᠢᠨ ᠰᠣᠶᠣᠯ ᠤᠨ ᠭᠤᠣᠯ ᠰᠡᠳᠦᠪᠲᠦ  ᠨᠣᠮ ᠤᠨ ᠰᠠᠩ ᠪᠣᠯᠤᠭᠰᠠᠨ ᠪᠥᠭᠡᠳ ᠬᠤᠸᠠᠩᠱᠠᠨ ᠬᠤᠳᠠ ᠶᠢᠨ ᠠᠩᠬᠠᠳᠠᠭᠴᠢ 24 ᠴᠠᠭ ᠡᠵᠡᠩᠨᠡᠬᠦ ᠬᠤᠳᠠ ᠶᠢᠨ  ᠨᠣᠮ ᠤᠨ ᠦᠷᠦᠭᠡ ᠪᠣᠯᠵᠠᠢ᠃ ︽ᠠᠮᠢ ᠤᠷᠤᠬᠰᠠᠨ︾  ᠤ ᠳᠠᠷᠠᠭᠠᠬᠢ ᠬᠠᠭᠤᠴᠢᠨ ᠣᠷᠣᠨ ᠰᠠᠭᠤᠴᠠ ᠨᠢ ᠡᠷᠲᠡᠨ ᠤ  ᠪᠠ ᠣᠲᠣ ᠦᠶ᠎ᠡ ᠶᠢ ᠠᠭᠤᠰᠬᠠᠭᠰᠠᠨ ᠤᠳᠬ᠎ᠠ ᠤᠷᠠᠯᠢᠭ ᠤᠨ ᠨᠣᠮ ᠤᠨ ᠳᠡᠯᠭᠡᠭᠦᠷ ᠪᠣᠯᠵᠣ ᠬᠤᠪᠢᠷᠠᠨ᠂ 1200  ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ 13000 ᠭᠠᠷᠤᠶ ᠳᠡᠪᠲᠡᠷ ᠨᠣᠮ   ᠰᠤᠳᠤᠷ ᠢ ᠬᠠᠳᠠᠭᠠᠯᠠᠭᠰᠠᠨ  ᠪᠥᠭᠡᠳ ᠪᠠᠰᠠ ᠬᠤᠸᠠᠩᠱᠠᠨ ᠬᠤᠲᠠ ᠶᠢᠨ ᠨᠣᠮ ᠤᠨ ᠰᠠᠩ ᠲᠠᠢ ᠨᠢᠭᠡ ᠴᠣᠭᠴᠠᠵᠢᠭᠰᠠᠨ ᠦᠢᠯᠡᠴᠢᠯᠡᠭᠡ ᠶᠢ  ᠨᠡᠪᠲᠡᠷᠡᠭᠦᠯᠵᠦ᠂ ᠵᠢᠭᠡᠯᠡᠵᠦ ᠪᠤᠴᠠᠭᠠᠬᠤ ᠶᠢ ᠨᠡᠪᠳᠡᠷᠡᠬᠦᠯᠬᠦ ᠶᠢ ᠬᠡᠷᠡᠭᠵᠢᠬᠦᠯᠵᠤ᠂ ᠲᠣᠭᠠᠴᠢᠯᠠᠭᠰᠠᠨ ᠤᠩᠰᠢᠯᠭ᠎ᠠ ᠶᠢᠨ  ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ ᠬᠤᠲᠠ ᠶᠢᠨ ᠤᠩᠰᠢᠯᠭ᠎ᠠ ᠶᠢᠨ ᠣᠷᠣᠨ  ᠵᠠᠶ ᠶᠢᠨ  ᠦᠢᠯᠡᠴᠢᠯᠡᠬᠡᠨ ᠤ ᠡᠵᠡᠩᠨᠡᠯᠳᠡ ᠶᠢᠨ ᠪᠠᠶᠢᠳᠠᠯ ᠢ ᠥᠷᠭᠡᠳᠬᠡᠪᠡ᠃               ᠪᠢᠴᠢᠭ ᠤᠨ ᠲᠤᠪᠴᠢᠶ᠎ᠡ ᠳᠤ ᠣᠷᠣᠪᠠᠯ᠂ ᠤᠩᠰᠢᠭᠴᠢᠳ ᠯᠠᠪᠳᠠᠢ ᠨᠢᠭᠡ ᠬᠡᠰᠡᠭ ᠲᠠᠭᠠᠯᠠᠮᠵᠢᠲᠠᠶ ᠭᠠᠵᠠᠷ ᠢ  ᠡᠷᠢᠵᠦ ᠣᠯᠤᠨ᠎ᠠ᠃ ᠬᠠᠭᠤᠴᠢᠨ ᠬᠡᠷᠡᠮ ᠤᠨ ᠳᠤᠤᠷᠠᠬᠢ ᠳᠤᠭᠤᠶ ᠰᠢᠷᠡᠭᠡ ᠪᠣᠯ ᠶᠡᠭᠡ ᠰᠤᠷᠭᠠᠭᠤᠯᠢ ᠶᠢᠨ ᠪᠠᠭᠰᠢ  ᠭᠦᠸᠧ ᠹᠧᠶ ᠶᠢᠨ ᠲᠣᠭᠲᠠᠭᠰᠠᠨ ᠰᠠᠭᠤᠳᠠᠯ᠃ ᠤᠳᠬ᠎ᠠ ᠵᠤᠬᠢᠶᠠᠯ ᠤᠨ ᠲᠡᠦᠬᠡ ᠳᠤ ᠳᠤᠷᠠᠲᠠᠶ ᠲᠡᠷᠡ ᠪᠠᠷ ᠭᠠᠷᠠᠭ  ᠪᠦᠷᠢ ᠠᠯᠳᠠᠯ ᠦᠬᠡᠢ ᠨᠣᠮ ᠤᠨ ᠳᠡᠯᠭᠡᠭᠦᠷ ᠲᠤ ᠢᠷᠡᠵᠦ ᠨᠤᠮ ᠤᠩᠰᠢᠳᠠᠭ᠂ ᠠᠳᠡ ᠨᠣᠮ ᠤᠩᠰᠢᠬᠤ ᠨᠢ ᠲᠡᠭᠦᠨ ᠢ  ᠨᠠᠩ ᠪᠠᠶᠠᠷ ᠬᠥᠷ ᠲᠠᠢ ᠪᠤᠯᠭᠠᠵᠤ᠂ ᠨᠠᠩ ᠥᠨᠳᠥᠷ ᠪᠦᠲᠦᠮᠵᠢᠲᠡᠶ ᠰᠠᠨᠠᠭᠳᠠᠭᠤᠯᠤᠨ᠎ᠠ᠃ ᠲᠡᠬᠡᠪᠦᠷ ᠤᠨ ᠴᠤᠩᠬᠤᠨ ᠤ  ᠲᠤᠤᠷ᠎ᠠ ᠬᠡᠦᠬᠡᠳ ᠤᠨ ᠤᠩᠰᠢᠯᠭ᠎ᠠ ᠶᠢᠨ ᠲᠣᠭᠤᠷᠢᠭ ᠲᠠᠢ᠂ ᠳ᠋ᠦ᠋ ᠳ᠋ᠦ᠋ ᠭᠡᠳᠡᠭ ᠨᠡᠷ᠎ᠡ ᠲᠠᠢ ᠪᠢᠴᠢᠬᠠᠨ ᠤᠩᠰᠢᠭᠴᠢ  ᠨᠠᠰᠤ ᠪᠠᠭ᠎ᠠ ᠪᠣᠯᠪᠠᠴᠤ ︽ᠨᠤᠮ ᠤᠩᠰᠢᠬᠰᠡᠨ ᠲᠡᠦᠬᠡ︾ ᠪᠠᠷ ᠮᠠᠰᠢ ᠤᠷᠲᠤ᠃ ᠨᠣᠮ ᠤᠨ ᠳᠡᠯᠭᠡᠭᠦᠷ ᠰᠠᠶ᠋ᠢ  ᠡᠭᠦᠳᠡ ᠪᠠᠨ ᠨᠡᠭᠡᠭᠡᠬᠦ ᠦᠶ᠎ᠡ ᠳᠤ᠂ ᠠᠷᠠᠢ ᠠᠯᠬᠤᠵᠤ ᠴᠢᠳᠠᠭ᠎ᠠ ᠦᠭᠡᠢ ᠪᠠᠶᠢᠬᠰᠠᠨ ᠳ᠋ᠦ᠋ ᠳ᠋ᠦ᠋ ᠭᠠᠷᠠᠭ ᠪᠦᠷᠢ  ᠡᠵᠢ ᠪᠠᠨ ᠳᠠᠭᠠᠵᠤ ᠢᠷᠡᠵᠤ ᠨᠤᠮ  ᠤᠩᠰᠢᠵᠤ᠂ ᠤᠳᠤ ᠪᠣᠯᠲᠠᠯ᠎ᠠ ᠪᠠᠷᠢᠮᠳᠠᠯᠠᠬᠰᠠᠭᠠᠷ᠃  ᠲᠡᠬᠦᠨ ᠤ ᠲᠡᠬᠡᠪᠦᠷ ᠤᠨ  ᠴᠤᠩᠬᠤᠨ ᠤ ᠲᠤᠤᠷ᠎ᠠ  ᠰᠠᠭᠤᠵᠤ ᠨᠣᠮ ᠤᠷᠪᠠᠭᠤᠯᠵᠤ ᠪᠠᠶᠢᠬᠤ ᠶᠢ ᠦᠵᠡᠬᠦ ᠪᠦᠷᠢ᠂ ᠳ᠋ᠠᠶ ᠰᠢᠶᠣᠤ ᠯᠢᠶᠠᠩ  ᠥᠪᠡᠷ ᠢ ᠪᠠᠨ ᠮᠠᠰᠢ ᠤᠳᠬ᠎ᠠ ᠠᠭᠤᠯᠭ᠎ᠠ ᠲᠠᠢ ᠰᠠᠶᠢᠨ ᠶᠠᠪᠤᠳᠠᠯ ᠬᠢᠵᠦ ᠪᠠᠶᠢᠨ᠎ᠠ ᠭᠡᠵᠦ ᠤᠮᠤᠬᠰᠢᠳᠠᠭ᠃               ᠤᠩᠰᠢᠯᠭ᠎ᠠ ᠶᠢᠨ ᠳᠡᠯᠭᠡᠷᠡᠭᠦᠯᠦᠯᠲᠡ ᠪᠠ ᠰᠣᠶᠣᠯ ᠤᠨ ᠤᠯᠠᠮᠵᠢᠯᠠᠯ ᠠᠳᠡ ᠬᠠᠮᠲᠤ ᠣᠷᠣᠰᠢᠵᠤ᠂ ᠵᠡᠠ ᠴᠤᠸᠠᠨ  ᠪᠢᠴᠢᠭ ᠤᠨ ᠲᠣᠪᠴᠢᠶ᠎ᠠ ᠨᠢ ᠠᠭᠠᠵᠢᠮ ᠢᠶᠠᠷ ︽ᠰᠦᠯᠵᠢᠶᠡᠨ ᠤ ᠨᠡᠷᠡᠲᠦ ᠨᠣᠮ ᠤᠨ ᠳᠡᠯᠭᠡᠭᠦᠷ︾ ᠪᠣᠯᠪᠠ᠃ 2021  ᠣᠨ ᠤ ᠤᠯᠤᠰ ᠤᠨ ᠪᠠᠶᠠᠷ ᠤᠨ ᠬᠤᠭᠤᠴᠠᠭᠠᠨ ᠳᠤ᠂  ᠵᠡᠠ ᠴᠤᠸᠠᠨ ᠪᠢᠴᠢᠭ ᠤᠨ ᠲᠣᠪᠴᠢᠶ᠎ᠠ ᠪᠣᠯᠤᠨ ᠳᠦᠨ ᠰᠢ  ᠰᠢᠯᠦᠭ ᠳᠠᠭᠤᠯᠠᠯ ᠤᠨ ᠨᠡᠶᠢᠭᠡᠮᠯᠢᠭ  ᠬᠠᠮᠲᠤᠷᠠᠨ ︽ᠬᠤᠸᠠᠩᠱᠠᠨ ᠤ ᠰᠢᠯᠦᠭ ᠳᠠᠭᠤᠯᠠᠯ ᠤᠨ ᠰᠥᠨᠢ︾  ᠶᠢᠨ  ᠠᠵᠢᠯᠯᠠᠭ᠎ᠠ ᠶᠢ ᠡᠷᠭᠢᠯᠡᠵᠦ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 20 ᠭᠠᠷᠤᠶ ᠰᠢᠯᠦᠭᠴᠢ ᠰᠢᠯᠦᠭ  ᠤᠩᠰᠢᠵᠤ᠂ ᠲᠠᠶᠢᠰᠠᠨ ᠤ ᠳᠤᠤᠷ᠎ᠠ ᠬᠤᠶᠠᠷ ᠮᠢᠩᠭ᠎ᠠ ᠰᠢᠬᠠᠮ ᠬᠥᠮᠦᠨ  ᠰᠠᠭᠤᠵᠤ ᠰᠤᠨᠢᠷᠬᠠᠵᠤ ᠪᠢᠯᠠ᠂  ᠲᠤᠰᠬᠠᠶᠢᠯᠠᠨ ᠬᠦᠷᠦᠯᠴᠡᠨ ᠢᠷᠡᠭᠰᠡᠨ ᠰᠢᠯᠦᠭ ᠳᠠᠭᠤᠯᠠᠯ ᠤᠨ ᠳᠤᠷ᠎ᠠ ᠪᠠᠭ᠋ᠠᠳᠠᠳ ᠪᠤᠢ᠂ ᠵᠠᠮ  ᠲᠠᠭᠠᠷᠠᠵᠤ  ᠰᠤᠨᠢᠷᠬᠠᠬᠰᠠᠨ ᠬᠤᠲᠠ ᠶᠢᠨ ᠠᠷᠠᠳ᠂ ᠵᠤᠭᠠᠴᠠᠭᠰᠠᠳ ᠪᠠᠶᠢᠬᠤ ᠪᠥᠭᠡᠳ  ᠶᠠᠳᠠᠷᠠᠭ᠎ᠠ ᠴᠢᠯᠡᠭᠡ ᠪᠠᠨ ᠲᠠᠶᠢᠯᠵᠤ  ᠠᠮᠤᠰᠬᠢᠭ᠎ᠠ ᠲᠦᠷᠭᠡᠨ ᠬᠦᠷᠬᠡᠯᠳᠡ ᠶᠢᠨ ᠠᠵᠢᠯᠳᠠᠨ ᠪᠤᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ  ᠴᠤ ᠪᠣᠶ᠃                ᠶᠡᠷᠦᠩᠬᠡᠢ ᠱᠦᠵᠢ ᠰᠢ ᠶᠢᠨ ᠫᠢᠩ᠂ ᠠᠷᠠᠳ ᠤᠯᠠᠨ ᠢᠯᠡᠭᠦᠦ ᠨᠣᠮ ᠤᠩᠰᠢᠪᠠᠯ᠂ ᠮᠠᠨ ᠤ ᠦᠨᠳᠦᠰᠦᠲᠡᠨ ᠤ  ᠵᠣᠷᠢᠭ ᠰᠠᠨᠠᠭ᠎ᠠ ᠳᠠᠷᠤᠢ ᠪᠠᠲᠤ ᠴᠢᠬᠢᠮᠡᠢ᠂ ᠭᠦᠨᠵᠡᠭᠡᠢ ᠪᠤᠯᠵᠤ ᠴᠢᠳᠠᠨ᠎ᠠ ᠭᠡᠵᠦ ᠬᠡᠯᠡᠵᠦ ᠥᠩᠭᠡᠷᠡᠪᠡ᠃ ᠨᠣᠮ ᠪᠢᠴᠢᠭ  ᠢᠯᠡᠭᠦᠬᠡᠨ ᠤᠩᠰᠢᠬᠤ ᠶᠢ ᠡᠷᠬᠢᠮᠯᠡᠵᠦ᠂ ᠨᠤᠮ ᠤᠨ ᠬᠡᠰᠢᠭᠳᠦ ᠨᠡᠶᠢᠭᠡᠮ ᠢ  ᠪᠦᠳᠦᠬᠡᠨ ᠪᠠᠶᠢᠭᠤᠯᠬᠤ ᠬᠡᠷᠡᠭᠲᠡᠢ᠃                ᠨᠤᠮ ᠤᠨ ᠬᠡᠰᠢᠭᠳᠦ ᠨᠡᠶᠢᠭᠡᠮ ᠢ ᠪᠦᠲᠦᠭᠡᠨ ᠪᠠᠶᠢᠭᠤᠯᠬᠤ ᠳᠤ ᠪᠢᠳᠡ ᠬᠡᠵᠢᠶᠡᠳᠡ ᠵᠤᠬᠰᠤᠰᠢ ᠦᠬᠡᠢ᠃  2014 ᠣᠨ ᠠᠴᠠ  ᠨᠠᠭᠠᠰᠢ᠂ ︽ᠪᠦᠬᠦ ᠠᠷᠠᠳ ᠤᠨ ᠤᠩᠰᠢᠯᠭ᠎ᠠ︾ ᠶᠢ 9 ᠤᠳᠠᠭ᠎ᠠ ᠵᠠᠰᠠᠭ ᠤᠨ ᠣᠷᠳᠣᠨ ᠤ  ᠠᠵᠢᠯ ᠤᠨ ᠢᠯᠡᠳᠬᠡᠯ ᠳᠤ ᠪᠢᠴᠢᠵᠦ ᠣᠷᠣᠭᠤᠯᠪᠠ︔ 2021 ᠣᠨ ᠳᠤ᠂ ︽ᠪᠦᠬᠦ ᠠᠷᠠᠳ ᠤᠨ ᠤᠩᠰᠢᠯᠭ᠎ᠠ ᠶᠢ  ᠬᠦᠨᠵᠡᠬᠡᠶᠢᠷᠡᠬᠦᠯᠦᠨ ᠠᠬᠢᠭᠤᠯᠵᠤ᠂ ︿ᠨᠤᠮ ᠤᠨ  ᠬᠡᠰᠢᠭᠳᠦ ᠳᠤᠮᠳᠠᠳᠤ ᠤᠯᠤᠰ﹀ ᠢ ᠪᠦᠲᠦᠭᠡᠨ ᠪᠠᠶᠢᠭᠤᠯᠬᠤ︾ ᠶᠢ  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035ᠣᠨ ᠤ ᠠᠯᠤᠰ ᠤᠨ ᠬᠠᠷᠠᠯᠲᠠ ᠶᠢᠨ  ᠬᠥᠲᠥᠯᠪᠦᠷᠢ ᠳᠤ ᠪᠢᠴᠢᠵᠦ ᠣᠷᠣᠭᠤᠯᠪᠠ︔ ᠲᠦᠷᠦᠭᠦᠬᠡᠨ᠂ ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ  ᠵᠢᠷᠭᠤᠭᠠᠨ ᠰᠠᠯᠠᠭ᠎ᠠ ᠮᠥᠴᠢᠷ ᠬᠠᠮᠲᠤᠷᠠᠨ ︽ᠰᠣᠶᠣᠯ ᠤᠨ ᠠᠵᠤ ᠦᠢᠯᠡᠰ ᠢ ᠠᠬᠢᠭᠤᠯᠵᠤ ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃                ᠪᠣᠳᠠᠲᠤ ᠴᠤᠬᠴᠠ ᠶᠢᠨ ᠨᠣᠮ ᠤᠨ ᠳᠡᠯᠭᠡᠭᠦᠷ ᠲᠠᠰᠤᠷᠠᠯᠳᠠ ᠦᠬᠡᠢ ᠰᠢᠨ᠎ᠡ ᠠᠮᠢᠵᠢᠷᠠᠯ ᠤᠨ ᠬᠦᠴᠦᠨ ᠲᠠᠢ  ᠪᠣᠯᠵᠣ ᠪᠠᠶᠢᠬᠤ ᠶᠢ ᠬᠥᠮᠦᠰ ᠠᠭᠠᠵᠢᠮ ᠢᠶᠠᠷ ᠣᠯᠵᠤ ᠮᠡᠳᠡᠵᠡᠶ︔ ᠨᠣᠮ ᠰᠣᠨᠣᠰᠬᠤ App᠂ ᠡᠯᠧᠺᠲᠷᠣᠨ  ᠤᠩᠰᠢᠯᠭ᠎ᠠ᠂ 5G ᠨᠣᠮ ᠤᠩᠰᠢᠬᠤ ᠵᠡᠷᠭᠡ ᠨᠢ ᠨᠣᠮ ᠤᠩᠰᠢᠬᠤ ᠰᠢᠨ᠎ᠡ ᠠᠷᠭ᠎ᠠ ᠵᠠᠮ ᠢ ᠦᠷᠭᠡᠳᠭᠡᠪᠡ︔ ᠤᠷᠢᠳ   ᠢᠶᠠᠷ ᠮᠡᠳᠡᠬᠦ ᠦᠬᠡᠢ ᠨᠣᠮ᠂ ᠲᠤᠬᠳᠠᠮᠠᠯ ᠴᠠᠭ ᠲᠤ ᠲᠤᠬᠳᠠᠮᠠᠯ ᠬᠡᠮᠵᠢᠶ᠎ᠠ ᠪᠠᠷ ᠨᠣᠮ ᠤᠩᠰᠢᠬᠤ ᠵᠡᠷᠭᠡ ᠠᠵᠢᠯᠯᠠᠭ᠎ᠠ ᠨᠢ  ᠰᠣᠨᠢᠷᠬᠠᠯᠲᠤ ᠴᠢᠨᠠᠷ ᠢ ᠨᠡᠮᠡᠭᠳᠡᠭᠦᠯᠪᠡ ᠁ ᠤᠢᠢᠷ᠎ᠠ ᠶᠢᠨ ᠠᠷᠪᠠᠨ ᠵᠢᠯ ᠳᠤ ᠤᠯᠤᠰ ᠠᠴᠠ ᠪᠦᠬᠦ ᠠᠷᠠᠳ ᠤᠨ  ᠤᠩᠰᠢᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ   ᠶᠢ ᠦᠷᠭᠦᠯᠵᠢᠯᠡᠨ ᠨᠡᠮᠡᠭᠳᠡᠬᠦᠯᠵᠤ᠂ ᠨᠡᠩ  ᠤᠯᠠᠨ ᠬᠥᠮᠦᠨ ᠨᠣᠮ ᠤᠩᠰᠢᠬᠤ ᠳᠤᠮᠳᠠ ᠦᠵᠡᠯ ᠰᠠᠨᠠᠭᠠᠨ ᠤ ᠰᠡᠩᠬᠡᠷᠡᠭᠦᠯᠦᠯ  ᠬᠦᠷᠳᠡᠵᠤ᠂ ᠡᠷᠬᠢᠮ ᠳᠡᠭᠡᠳᠦ  ᠬᠦᠰᠡᠯᠡᠩ ᠢ ᠪᠤᠢ ᠪᠣᠯᠭᠠᠵᠤ᠂ ᠲᠥᠪ ᠴᠢᠬᠡᠴᠢ ᠵᠠᠩ ᠴᠢᠨᠠᠷ ᠢ ᠬᠦᠮᠦᠵᠢᠬᠦᠯᠪᠠ᠃ ᠤᠩᠰᠢᠯᠭ᠎ᠠ ᠳᠤᠮᠳᠠ᠂ ᠦᠶ᠎ᠡ  ᠤᠯᠠᠷᠢᠨ ᠪᠦᠬᠦᠰᠢ ᠦᠬᠡᠢ ᠣᠷᠣᠰᠢᠬᠤ ᠳᠤᠮᠳᠠᠳᠤ ᠶᠢᠨ ᠦᠨᠳᠦᠰᠦᠲᠡᠨ ᠤ  ᠵᠣᠷᠢᠭ ᠰᠠᠨᠠᠭ᠎ᠠ ᠦᠶ᠎ᠡ ᠶᠢᠨ ᠦᠶ᠎ᠠ   ᠤᠯᠠᠮᠵᠢᠯᠠᠭᠳᠠᠨ᠎ᠠ᠃  
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号