ᠨᠢᠭᠡᠳᠦᠭᠡᠷ ᠵᠦᠢᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢᠭᠡ ᠲᠣᠭᠤᠷᠢᠭ ᠣᠯᠠᠨ | ᠬᠦᠷᠢᠶᠡᠯᠡᠩ ᠬᠤᠯᠪᠣᠭᠠᠯᠠᠨ ᠬᠥᠭᠵᠢᠬᠦ ᠶᠢ ᠨᠠᠩ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠪᠣᠷ ᠰᠢᠷᠣᠶ ᠵᠢᠴᠢ ᠬᠠᠮᠢᠶ᠎ᠠ ᠪᠦᠬᠦᠢ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠵᠦ᠂ ᠪᠥᠬᠦ ᠬᠤᠲᠠ ᠶᠢᠨ ︽ | ᠳᠡᠯᠡᠬᠡᠶ ᠶᠢᠨ ᠬᠤᠪᠣᠷ ᠰᠢᠷᠣᠶ ᠶᠢᠨ ᠬᠤᠲᠠ︾ ᠶᠢ ᠲᠦᠷᠭᠡᠳᠬᠡᠨ ᠪᠥᠲᠥᠭᠡᠨ ᠪᠠᠶᠢᠭᠤᠯᠬᠤ ᠳᠤ ᠬᠦᠴᠦᠲᠡᠶ | ᠲᠤᠯᠭᠠᠭᠤᠷᠢᠯᠠᠬᠤ ᠶᠢᠨ ᠲᠤᠰᠠᠳᠠ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠱᠠᠩᠨᠠᠬᠤ ᠬᠡᠪᠴᠢᠶ᠎ᠡ ᠬᠢᠭᠡᠳ ᠪᠡᠯᠡ ᠮᠥᠩᠭᠦ ᠶᠢᠨ ᠰᠢᠨᠵᠢ ᠴᠢᠨᠠᠷ᠃ ᠱᠠᠩᠨᠠᠬᠤ | ᠬᠡᠪᠴᠢᠶ᠎ᠡ ᠪᠣᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠥᠷᠥ ᠶᠢᠨ ᠪᠣᠳᠣᠯᠭ᠎ᠠ ᠶᠢᠨ | ᠦᠢᠯᠡᠳᠦᠯᠳᠦ ᠣᠷᠣᠨ ᠪᠣᠯᠤᠨ᠎ᠠ᠂ ᠡᠭᠦᠨ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠰᠢᠨ᠎ᠡ ᠶᠢ ᠡᠭᠦᠳᠬᠦ ᠲᠦᠪᠯᠡᠷᠡᠯ ᠤᠨ ᠲᠣᠭᠤᠷᠢᠭ ︵ᠬᠥᠨᠳᠡᠯᠡᠨ ᠲᠣᠭᠤᠷᠢᠭ ᠤᠨ ᠬᠡᠰᠡᠭ ᠲᠣᠭᠤᠷᠢᠭ ᠪᠠ ᠴᠢᠩᠱᠠᠨ | ᠲᠣᠭᠤᠷᠢᠭ ᠤᠨ ᠬᠡᠰᠡᠭ︶᠂ ᠬᠥᠨᠳᠡᠯᠡᠨ ᠲᠣᠭᠤᠷᠢᠭ ᠤᠨ ᠲᠡᠮᠦᠷᠯᠢᠭ ᠢ ᠨᠠᠷᠢᠯᠢᠭ ᠪᠣᠯᠪᠠᠰᠤᠷᠠᠭᠤᠯᠬᠤ ᠬᠦᠷᠢᠶᠡᠯᠡᠩ | ᠲᠣᠭᠤᠷᠢᠭ᠂ ᠴᠢᠩᠱᠠᠨ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ᠂ ᠵᠢᠦᠶᠤᠸᠠᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠳ᠋ᠦᠩ ᠾᠧ ᠢᠮᠠᠭᠠᠨ ᠨᠣᠯᠤᠤᠷ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠪᠠᠭᠲᠠᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠲᠠᠢ ᠣᠷᠣᠨ ᠳᠤ ᠳᠠᠩᠰᠠᠯᠠᠭᠤᠯᠬᠤ ᠶᠢᠨ ᠬᠠᠮᠲᠤ ᠬᠠᠤᠯᠢ ᠶᠣᠰᠣᠭᠠᠷ | ᠭᠠᠶᠢᠯᠢ ᠲᠤᠰᠢᠶᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠱᠠᠩᠨᠠᠨ᠎ᠠ᠃ ᠠᠷᠭ᠎ᠠ ᠳᠤ | ᠬᠤᠯᠪᠣᠭᠳᠠᠭᠰᠠᠨ ᠱᠠᠩᠨᠠᠯ ᠤᠨ ᠪᠡᠯᠡ ᠮᠥᠩᠭᠦ ᠪᠣᠯ ᠴᠥᠮ ᠬᠤᠶᠢᠨᠠᠬᠢ ᠨᠥᠬᠦᠪᠥᠷᠢ ᠱᠠᠩᠨᠠᠯ ᠤᠨ ᠪᠡᠯᠡ ᠮᠥᠩᠭᠦ | ᠪᠣᠯᠤᠨ᠎ᠠ᠃ | ᠭᠤᠷᠪᠠᠳᠤᠭᠠᠷ ᠵᠦᠢᠯ ᠳᠡᠮᠵᠢᠯᠭᠡ ᠪᠠ ᠱᠠᠩᠨᠠᠯ ᠤᠨ ᠲᠥᠷᠥᠯ ᠵᠦᠢᠯ | ︵ᠨᠢᠭᠡ︶ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠱᠠᠩᠨᠠᠯ᠄ ᠳᠡᠭᠡᠳᠦ ᠰᠢᠨ᠎ᠡ | ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ ᠲᠤᠰᠬᠠᠶᠢᠯᠠᠨ ᠡᠷᠬᠢᠯᠡᠬᠦ ᠶᠢ ᠳᠡᠮᠵᠢᠵᠤ᠂ ᠵᠣᠬᠢᠬᠤ ᠬᠡᠪᠴᠢᠶᠡᠨ ᠤ | ᠲᠤᠰᠬᠠᠶ ᠮᠡᠷᠭᠡᠵᠢᠯ ᠤᠨ ᠪᠠᠶᠢᠭᠤᠯᠤᠮᠵᠢ ᠲᠠᠢ᠂ ᠡᠭᠦᠨ ᠳᠤ ᠰᠤᠳᠤᠯᠤᠨ ᠨᠡᠭᠡᠭᠡᠬᠦ ᠲᠥᠪ᠂ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠵᠡᠷᠭᠡ ᠶᠢ ᠪᠠᠭᠲᠠᠭᠠᠨ᠎ᠠ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠢ ᠱᠠᠩᠨᠠᠬᠤ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠠᠯᠠᠭᠤ ᠳᠠᠭᠠᠭᠤᠯᠤᠭᠴᠢ ᠴᠢᠳᠠᠪᠤᠷᠢᠲᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ | ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠵᠡᠷᠭᠡ ᠶᠢ ᠪᠤᠶᠢᠵᠢᠭᠤᠯᠵᠤ᠂ ᠰᠢᠯᠢᠳᠡᠭ ᠢ ᠰᠣᠩᠭᠤᠨ ᠤᠯᠤᠰ ᠤᠨ ᠰᠢᠨ᠎ᠡ ᠶᠢ ᠡᠭᠦᠳᠬᠦ | ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠮᠡᠳᠡᠭᠦᠯᠦᠨ᠎ᠡ᠃ | ︵ᠭᠤᠷᠪᠠ︶ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠯᠠᠯ ᠢ ᠮᠠᠭᠠᠳᠯᠠᠨ | ᠲᠣᠭᠲᠠᠭᠠᠵᠤ ᠱᠠᠩᠨᠠᠯ ᠣᠯᠭᠤᠬᠤ᠄ ᠠᠵᠤ ᠠᠬᠤᠢᠯᠠᠯ ᠤᠨ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ ᠵᠣᠷᠢᠭᠵᠢᠭᠤᠯᠤᠨ᠎ᠠ᠃ | ︵ᠲᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | ᠦᠨᠡᠮᠰᠢᠨ ᠲᠣᠭᠲᠠᠭᠠᠵᠤ ᠱᠠᠩᠨᠠᠨ ᠬᠥᠬᠢᠭᠦᠯᠬᠦ᠄ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ | ᠵᠣᠷᠢᠭᠵᠢᠭᠤᠯᠤᠨ᠎ᠠ᠃ | ︵ᠲᠠᠪᠤ︶ ᠠᠵᠤ ᠠᠬᠤᠢᠯᠠᠯ ᠱᠠᠩᠨᠠᠨ ᠬᠥᠬᠢᠭᠦᠯᠬᠦ᠄ ᠠᠵᠤ ᠠᠬᠤᠢᠯᠠᠯ ᠲᠦᠷᠭᠡᠨ ᠦᠰᠦᠨ ᠪᠦᠵᠢᠬᠤ ᠶᠢ | ᠬᠥᠲᠥᠯᠦᠨ ᠵᠢᠯᠣᠭᠤᠳᠴᠤ ᠠᠵᠤ ᠠᠬᠤᠢᠯᠠᠯ ᠲᠦᠷᠭᠡᠨ ᠦᠰᠦᠨ ᠪᠦᠵᠢᠬᠤ ᠶᠢ ᠵᠣᠷᠢᠭᠵᠢᠭᠤᠯᠵᠤ ᠪᠠᠢᠨ᠎ᠠ᠃ | ︵ᠵᠢᠷᠭᠤᠭ᠎ᠠ︶ ᠬᠤᠪᠤᠷ ᠰᠢᠷᠦᠢ ᠶᠢᠨ ᠠᠵᠦ ᠦᠢᠯᠡᠰ ᠤᠨ ᠵᠠᠩᠬᠢᠯᠠᠭ᠎ᠠ ᠶᠢᠨ ᠮᠡᠷᠭᠡᠵᠢᠯ ᠤᠨ ᠪᠤᠭᠤᠮᠳᠡ | ᠰᠢᠪᠳᠣᠯᠬᠤ ᠪᠠ ᠴᠢᠬᠤᠯᠡ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠬᠤ ᠶᠢᠨ | ᠱᠠᠩᠨᠠᠯ᠄ ᠠᠵᠦ ᠠᠬᠤᠶᠢᠯᠠᠯ ᠢᠶᠠᠷ ᠬᠦᠳᠥᠴᠢ ᠡᠯ᠎ᠠ ᠳᠥᠷᠦᠯ ᠤᠨ ᠰᠢᠨ᠎ᠡ ᠶᠢ ᠡᠬᠦᠳᠬᠦ ᠡᠬᠢ ᠪᠠᠶᠠᠯᠢᠭ ᠢ ᠡᠮᠬᠢᠯᠡᠨ | ᠨᠡᠶᠢᠯᠡᠬᠦᠯᠵᠦ ᠪᠠᠶᠢᠭᠠᠳ ᠬᠤᠪᠤᠷ ᠰᠢᠷᠦᠢ ᠶᠢᠨ ᠠᠵᠦ ᠦᠢᠯᠡᠰ ᠤᠨ ᠪᠤᠭᠤᠮᠢ ᠶᠢᠨ ᠮᠡᠷᠭᠡᠵᠢᠯ ᠢ ᠰᠣᠳᠣᠯᠥᠨ ᠨᠡᠭᠡᠭᠡᠨ | ᠬᠦᠭᠵᠢᠬᠦᠯᠬᠦ ᠶᠢ ᠦᠷᠨᠢᠬᠦᠯᠵᠦ᠂ ᠬᠤᠪᠤᠷ ᠰᠢᠷᠦᠢ ᠶᠢᠨ ᠣᠯᠥᠰ ᠤᠨ ᠴᠢᠬᠤᠯᠡ ᠶᠡᠭᠡ ᠰᠢᠨᠵᠢᠯᠡᠬᠦ ᠣᠬᠠᠭᠠᠨ | ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠬᠤ ᠶᠢ ᠵᠣᠷᠢᠠᠠᠵᠢᠭᠤᠯᠥᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠪᠠᠷ ᠮᠠᠭᠠᠳᠯᠠᠨ ᠲᠣᠭᠲᠠᠭᠠᠭᠰᠠᠨ ᠪᠠᠶᠢᠪᠠᠯ᠂ ᠨᠢᠭᠡ ᠯᠡ | ᠤᠳᠠᠭ᠎ᠠ ᠳᠤ 10 - 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ 20 ᠲᠦᠮᠡᠨ ᠲᠥᠭᠦᠷᠢᠭ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ 10 ᠲᠦᠮᠡᠨ | ᠲᠥᠭᠦᠷᠢᠭ ᠢᠶᠠᠷ ᠱᠠᠩᠨᠠᠨ᠎ᠠ︶ ᠣᠯᠭᠤᠨ᠎ᠠ︔ ᠰᠤᠳᠤᠯᠤᠨ ᠨᠡᠭᠡᠭᠡᠬᠦ ᠲᠥᠪ ᠠᠴᠠ ᠤᠯᠤᠰ ᠤᠨ ᠲᠠᠰ ᠤᠨ ᠪᠤᠶᠤ | ᠥᠪᠡᠷᠲᠡᠭᠡᠨ ᠵᠠᠰᠠᠬᠤ ᠣᠷᠣᠨ ᠤ ᠲᠠᠰ ᠳᠡᠪᠰᠢᠭᠰᠡᠨ ᠪᠠᠶᠢᠪᠠᠯ᠂ ᠨᠢᠭᠡ ᠯᠡ ᠤᠳᠠᠭ᠎ᠠ ᠳᠤ 5 ᠠᠴᠠ 20 ᠲᠦᠮᠡᠨ | ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯ 20 ᠲᠦᠮᠡᠨ | ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠵᠤ᠂ ᠠᠳᠠᠯᠢ ᠨᠢᠭᠡ ᠰᠤᠳᠤᠯᠤᠨ ᠨᠡᠭᠡᠭᠡᠬᠦ ᠲᠥᠪ ᠠᠴᠠ ᠠᠳᠠᠯᠢ | ᠨᠢᠭᠡ ᠳᠡᠰ ᠠᠳᠠᠯᠢ ᠪᠤᠰᠤ ᠲᠥᠷᠥᠯ ᠬᠡᠯᠪᠡᠷᠢ ᠶᠢᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠲᠠᠪᠴᠠᠩ ᠢᠶᠠᠷ | ᠱᠠᠩᠨᠠᠨ᠎ᠠ︶ ᠣᠯᠭᠤᠨ᠎ᠠ᠃ | ᠲᠠᠪᠤᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠤᠨ ᠱᠠᠩᠨᠠᠯ᠃ ᠳᠣᠣᠷᠠᠬᠢ ᠨᠥᠬᠦᠴᠡᠯ ᠳᠤ ᠨᠡᠶᠢᠴᠡᠭᠰᠡᠨ | ᠪᠥᠭᠡᠳ ᠬᠢᠨᠠᠨ ᠲᠣᠭᠲᠠᠭᠠᠬᠤ ᠪᠠᠷ ᠳᠠᠮᠵᠢᠭᠰᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠢᠭᠡ ᠲᠣᠭᠤᠷᠢᠭ ᠤᠨ ᠣᠯᠠᠨ ᠬᠦᠷᠢᠶᠡᠯᠡᠩ ᠤᠨ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠠᠭᠠᠭᠤᠯᠤᠭᠴᠢ ᠴᠢᠳᠠᠪᠤᠷᠢᠲᠠᠨ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ | ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠳᠤ ᠲᠣᠰ ᠲᠣᠰ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠷᠥᠯ ᠵᠦᠢᠯ ᠢ 10 ᠲᠦᠮᠡᠨ ᠲᠥᠭᠦᠷᠢᠭ ᠤᠨ ᠳᠠᠷᠠᠭ᠎ᠠ ᠨᠥᠬᠦᠵᠦ ᠱᠠᠩᠨᠠᠬᠤ ᠪᠡᠯᠡ ᠮᠥᠩᠭᠦ ᠣᠯᠭᠤᠨ᠎ᠠ᠃ | ︵ᠨᠢᠭᠡ︶ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ | ᠴᠢᠳᠠᠪᠤᠷᠢᠲᠠᠨ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠰᠤᠳᠤᠯᠬᠤ ᠴᠢᠭᠯᠡᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠬᠥᠭᠵᠢᠯᠲᠡ ᠶᠢᠨ | ᠬᠠᠨᠳᠤᠰᠢ ᠲᠠᠢ ᠨᠡᠶᠢᠴᠡᠬᠦ ᠪᠤᠶᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠦᠷᠢᠶ᠎ᠡ ᠴᠠᠷᠠᠭ᠎ᠠ ᠳᠤ ᠬᠠᠷᠢᠶᠠᠯᠠᠭᠳᠠᠵᠤ᠂ ᠨᠠᠰᠤ ᠨᠢ ᠪᠦᠬᠦᠯᠢ 45 ᠨᠠᠰᠤᠨ ᠠᠴᠠ ᠬᠡᠲᠦᠷᠡᠬᠦ ᠦᠭᠡᠢ᠂ | ᠳ᠋ᠣᠺᠲ᠋ᠣᠷ ᠤᠨ ᠴᠣᠯᠠ ᠪᠤᠶᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ︵ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠮᠡᠷᠭᠡᠵᠢᠯ ᠤᠨ ᠴᠣᠯᠠ ᠲᠠᠢ ᠪᠠᠶᠢᠵᠤ ᠪᠣᠯᠬᠤ ᠪᠥᠭᠡᠳ | ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠨ᠎ᠠ︶᠃ | 2. ᠨᠢᠭᠡᠨᠲᠡ ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠴᠢᠨᠠᠷᠲᠠᠶ ᠦᠷ᠎ᠡ ᠪᠦᠲᠦᠭᠡᠯ ᠢ ᠣᠯᠵᠤ᠂ | ᠪᠠᠶᠢᠭ᠎ᠠ ᠠᠵᠢᠯ ᠲᠥᠷᠥᠯ ᠪᠤᠶᠤ ᠬᠦᠷᠢᠶᠡᠨ ᠳᠠᠬᠢ ᠠᠮᠵᠢᠯᠲᠠ ᠪᠦᠲᠦᠮᠵᠢ ᠨᠢ ᠲᠣᠪᠤᠶᠢᠮ᠎ᠠ ᠪᠠᠶᠢᠵᠤ᠂ ᠰᠢᠨ᠎ᠡ ᠶᠢ | ᠡᠭᠦᠳᠬᠦ ᠬᠥᠭᠵᠢᠯᠲᠡ ᠶᠢᠨ ᠨᠡᠯᠢᠶᠡᠳ ᠶᠡᠭᠡ ᠳᠠᠯᠳᠠ ᠬᠦᠴᠦᠨ ᠲᠠᠢ ᠪᠣᠯᠪᠠ᠃ | 3. ᠨᠡᠯᠢᠶᠡᠳ ᠴᠢᠩᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠭᠠᠭᠤᠯᠤᠭᠴᠢ ᠪᠦᠯᠬᠦᠮ ᠨᠡᠶᠢᠲᠡ ᠶᠢᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠲᠠᠢ ᠪᠥᠭᠡᠳ ᠪᠦᠷᠢᠨ ᠲᠤᠰᠢᠶᠠᠯ ᠲᠠᠢ ᠠᠵᠢᠯᠲᠠᠨ︔ | ᠭᠠᠳᠠᠭᠠᠳᠤ ᠠᠴᠠ ᠣᠷᠣᠭᠤᠯᠪᠠᠯ ᠡᠷᠬᠡᠪᠰᠢ ᠤᠯᠤᠰ ᠲᠠᠭᠠᠨ ᠪᠤᠴᠠᠵᠤ 2 ᠵᠢᠯ ᠠᠴᠠ ᠳᠡᠭᠡᠭᠰᠢ ᠠᠵᠢᠯᠯᠠᠬᠤ ᠬᠡᠷᠡᠭᠲᠡᠢ᠃ | ︵ᠬᠤᠶᠠᠷ︶ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ ᠨᠢ ᠳᠣᠤᠷᠠᠬᠢ | ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠪᠦᠯᠬᠦᠮ ᠨᠡᠶᠢᠲᠡ ᠶᠢᠨ ᠰᠤᠳᠤᠯᠭᠠᠨ ᠤ ᠴᠢᠭᠯᠡᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠨᠢᠭᠡ ᠲᠣᠭᠤᠷᠢᠭ ᠣᠯᠠᠨ ᠬᠦᠷᠢᠶᠡᠯᠡᠩ ᠤᠨ ᠭᠤᠤᠯᠳᠠᠯᠭ᠎ᠠ ᠲᠠᠢ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠵᠦ᠂ ᠪᠦᠯᠬᠦᠮ ᠨᠡᠶᠢᠲᠡ ᠨᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ᠂ ᠭᠤᠤᠯᠳᠠᠯᠭ᠎ᠠ ᠲᠠᠢ ᠢᠨᠵᠧᠨᠧᠷᠢᠩ᠂ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠡᠭᠦᠷᠭᠡ ᠶᠢ | ᠡᠭᠦᠷᠭᠡᠯᠡᠵᠦ᠂ ᠲᠣᠳᠣᠷᠬᠠᠶ ᠰᠤᠳᠤᠯᠤᠨ ᠨᠡᠭᠡᠭᠡᠬᠦ ᠬᠠᠷᠠᠯᠲᠠ ᠪᠠ ᠬᠥᠭᠵᠢᠯᠲᠡ ᠶᠢᠨ ᠲᠥᠯᠥᠪᠵᠢᠭᠦᠯᠭᠡ ᠲᠠᠢ ᠪᠠᠶᠢᠳᠠᠭ᠃ | | 2. ᠪᠦᠯᠬᠦᠮ ᠨᠡᠶᠢᠲᠡ ᠶᠢᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠨᠢ ᠲᠣᠪᠤᠶᠢᠮ᠎ᠠ᠂ ᠰᠤᠳᠤᠯᠤᠨ | ᠨᠡᠭᠡᠭᠡᠬᠦ ᠬᠢᠷᠢ ᠬᠡᠮᠵᠢᠶ᠎ᠡ ᠨᠢ ᠠᠵᠢᠯ ᠲᠥᠷᠥᠯ ᠪᠤᠶᠤ ᠬᠦᠷᠢᠶᠡᠨ ᠤ ᠡᠮᠦᠨ᠎ᠡ ᠡᠩᠨᠡᠭᠡᠨ ᠳᠤ ᠣᠷᠣᠬᠤ ᠶᠢᠨ ᠬᠠᠮᠲᠤ | ᠦᠷᠭᠦᠯᠵᠢᠯᠡᠨ ᠰᠢᠨ᠎ᠡ ᠶᠢ ᠡᠭᠦᠳᠬᠦ ᠴᠢᠳᠠᠪᠤᠷᠢ ᠪᠠ ᠨᠡᠯᠢᠶᠡᠳ ᠰᠠᠶᠢᠨ ᠬᠥᠭᠵᠢᠯᠲᠡ ᠶᠢᠨ ᠢᠷᠡᠭᠡᠳᠦᠶ ᠲᠠᠢ ᠃ | 3. ᠪᠦᠯᠬᠦᠮ ᠨᠡᠶᠢᠲᠡ ᠶᠢᠨ ᠪᠦᠲᠦᠴᠡ ᠲᠣᠭᠲᠠᠭᠤᠨ ᠪᠥᠭᠡᠳ ᠵᠦᠶ ᠵᠣᠬᠢᠰᠲᠠᠶ ᠪᠠᠶᠢᠵᠤ᠂ ᠭᠤᠤᠯ | ᠪᠦᠷᠢᠯᠳᠦᠬᠦᠨ ᠨᠢ ᠡᠩ ᠤᠨ ᠪᠠᠶᠢᠳᠠᠯ ᠳᠤ 5 ᠬᠥᠮᠦᠨ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ 15 | ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠂ ᠨᠢᠭᠡᠴᠢ ᠠᠯᠤᠰᠯᠠᠨ ᠬᠠᠮᠵᠢᠯᠴᠠᠵᠤ ᠪᠣᠯᠤᠨ᠎ᠠ᠃ ᠪᠦᠯᠬᠦᠮ | ᠨᠡᠶᠢᠲᠡ ᠶᠢᠨ ᠬᠠᠷᠢᠭᠤᠴᠠᠯᠭᠠᠲᠠᠨ ᠤ ᠨᠠᠰᠤ ᠵᠢᠯ ᠨᠢ ᠪᠦᠬᠦᠯᠢ 50 ᠨᠠᠰᠤᠨ ᠠᠴᠠ ᠬᠡᠲᠦᠷᠡᠵᠦ ᠪᠣᠯᠬᠤ ᠦᠭᠡᠶ ᠪᠥᠭᠡᠳ | ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠤ ᠪᠤᠰᠤᠳ | ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠭᠤᠷᠪᠠ︶ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠠ ᠶᠢ ᠡᠬᠦᠳᠣᠨ ᠠᠲᠠᠯ ᠦᠢᠯᠡᠰ ᠴᠣᠠᠠᠴᠠᠯᠬᠠᠥ | ᠴᠢᠳᠡᠪᠦᠷᠢᠳᠡᠨ ᠳᠤ ᠲᠣᠣᠷᠡᠬᠢ ᠨᠦᠬᠦᠴᠡᠯ ᠢ ᠪᠦᠷᠢᠯᠳᠦᠬᠦᠯᠬᠦ ᠭᠡᠷᠡᠭᠳᠡᠢ᠄ | 1. ᠭᠤᠶᠤᠴᠢᠯᠠᠨ ᠮᠡᠳᠡᠭᠦᠯᠦᠭᠴᠢ ᠨᠢ ᠠᠵᠤ ᠠᠬᠤᠶᠢᠯᠠᠯ ᠤᠨ ᠭᠤᠤᠯ ᠡᠭᠦᠳᠦᠨ ᠪᠠᠶᠢᠭᠤᠯᠤᠭᠴᠢ ᠪᠠ ᠪᠣᠳᠠᠲᠠᠶ | ᠡᠵᠡᠮᠰᠢᠭᠴᠢ ︵ᠠᠵᠤ ᠠᠬᠤᠶᠢᠯᠠᠯ ᠤᠨ ᠨᠢᠭᠡᠳᠦᠭᠡᠷ ᠲᠣᠮᠣ ᠬᠤᠪᠢ ᠣᠷᠣᠭᠤᠯᠤᠭᠴᠢ ᠪᠤᠶᠤ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ︶᠂ ᠠᠵᠤ ᠠᠬᠤᠶᠢᠯᠠᠯ ᠬᠠᠤᠯᠢ ᠶᠣᠰᠣᠭᠠᠷ ᠡᠵᠡᠩᠨᠡᠵᠦ᠂ ᠡᠭᠦᠳᠦᠨ ᠪᠠᠶᠢᠭᠤᠯᠬᠤ | ᠴᠠᠭ ᠨᠢ 2 ᠵᠢᠯ ᠠᠴᠠ ᠳᠡᠭᠡᠭᠰᠢ ᠪᠠᠶᠢᠵᠤ᠂ ᠨᠡᠯᠢᠶᠡᠳ ᠰᠠᠶᠢᠨ ᠡᠵᠡᠩᠨᠡᠯᠲᠡ ᠶᠢᠨ ᠠᠮᠵᠢᠯᠲᠠ ᠪᠦᠲᠦᠮᠵᠢ᠂ | ᠪᠤᠶᠢᠵᠢᠯᠲᠠ ᠶᠢᠨ ᠴᠢᠨᠠᠷ ᠪᠠ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠳᠠᠭ᠃ | 2. ᠠᠵᠤ ᠠᠬᠤᠶᠢᠯᠠᠯ ᠳᠤ ᠭᠤᠤᠯᠯᠠᠬᠤ ᠮᠡᠷᠭᠡᠵᠢᠯ ᠪᠣᠯᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠠᠶᠢᠵᠤ᠂ ᠠᠳᠠᠭ ᠲᠠᠭᠠᠨ 1 ᠵᠦᠢᠯ ᠤᠨ ᠭᠤᠤᠯ ᠡᠵᠡᠩᠨᠡᠬᠦ | ᠲᠤᠬᠠᠶᠢᠯᠠᠭᠰᠠᠨ ᠠᠵᠢᠯ ᠯᠤᠭ᠎ᠠ ᠬᠤᠯᠪᠣᠭᠳᠠᠬᠤ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠲᠠᠢ ᠪᠠᠶᠢᠵᠤ᠂ | ᠤᠨᠴᠡᠯᠢᠭ᠌ᠳᠦ ᠦᠢᠯᠡᠳᠬᠦᠨ ᠪᠤᠶᠤ ᠰᠢᠨ᠎ᠡ ᠶᠢ ᠡᠭᠦᠳᠬᠦ ᠴᠢᠨᠠᠷᠲᠠᠶ ᠬᠤᠳᠠᠯᠳᠤᠭᠠᠨ ᠤ ᠵᠠᠭᠪᠤᠷ ᠲᠠᠢ ᠪᠠᠶᠢᠵᠤ᠂ | ᠮᠡᠷᠭᠡᠵᠢᠯ ᠤᠨ ᠬᠢᠷᠢ ᠬᠡᠮᠵᠢᠶ᠎ᠡ ᠨᠢ ᠠᠵᠢᠯ ᠲᠥᠷᠥᠯ ᠤᠨ ᠳᠣᠲᠣᠷ᠎ᠠ ᠲᠦᠷᠦᠭᠦᠯᠡᠬᠦ ᠪᠠᠶᠢᠷᠢᠨ ᠳᠤ ᠪᠠᠶᠢᠬᠤ ᠬᠡᠷᠡᠭᠲᠡᠶ᠃ | 3. ᠠᠵᠤ ᠠᠬᠤᠶᠢᠯᠠᠯ ᠰᠠᠶᠢᠨ ᠠᠰᠢᠭ ᠤᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠠᠯᠤᠰ ᠢᠷᠡᠭᠡᠳᠦᠶ ᠲᠠᠢ | ᠪᠠᠶᠢᠬᠤ ᠬᠡᠷᠡᠭᠲᠡᠶ︔ 5 ᠵᠢᠯ ᠠᠴᠠ ᠳᠡᠭᠡᠭᠰᠢᠬᠢ ᠠᠵᠤ ᠠᠬᠤᠶᠢᠯᠠᠯ ᠢ ᠡᠭᠦᠳᠦᠨ ᠪᠠᠶᠢᠭᠤᠯᠪᠠᠯ᠂ ᠣᠶᠢᠷ᠎ᠠ ᠶᠢᠨ 2 | ᠵᠢᠯ ᠤᠨ ᠴᠡᠪᠡᠷ ᠠᠰᠢᠭ ᠬᠤᠨᠵᠢᠪᠤᠷᠢ ᠨᠢ ᠨᠡᠶᠢᠲᠡ 500 ᠲᠦᠮᠡᠨ ᠲᠥᠭᠦᠷᠢᠭ ᠠᠴᠠ ᠳᠤᠲᠠᠭᠤ ᠪᠠᠶᠢᠵᠤ ᠪᠣᠯᠬᠤ | ᠦᠭᠡᠢ᠃ | ᠵᠢᠷᠭᠤᠳᠤᠭᠠᠷ ᠵᠦᠢᠯ ᠤᠯᠤᠰ ᠤᠨ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠦᠨᠡᠮᠰᠢᠨ ᠲᠣᠭᠲᠠᠭᠠᠵᠤ ᠱᠠᠩᠨᠠᠬᠤ ᠬᠡᠷᠡᠭᠲᠡᠶ᠃ ᠠᠵᠤ ᠠᠬᠤᠶᠢᠯᠠᠯ ᠨᠢ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠣᠯᠤᠭᠰᠠᠨ ᠤ ᠳᠠᠷᠠᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ | ᠨᠢᠭᠡ ᠤᠳᠠᠭ᠎ᠠ ᠶᠢᠨ ᠴᠢᠨᠠᠷᠲᠠᠶ 5 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠭᠤᠵᠤ᠂ | ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 3 ᠲᠦᠮᠡᠨ ᠲᠥᠭᠦᠷᠢᠭ ᠤᠨ | ᠱᠠᠩᠨᠠᠯ ᠤᠨ ᠪᠡᠯᠡ ᠮᠥᠩᠭᠦ ᠣᠯᠭᠤᠨ᠎ᠠ᠃ | ᠳᠣᠯᠣᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠤᠨ ᠦᠨᠡᠮᠰᠢᠭᠰᠡᠨ ᠱᠠᠩᠨᠠᠯ᠃ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠪᠣᠯᠬᠤ ᠪᠠᠷ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠳᠤ 2 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠶᠢ ᠨᠢᠭᠡ ᠯᠡ | ᠤᠳᠠᠭ᠎ᠠ ᠳᠤ ᠥᠭᠴᠦ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 1 ᠲᠦᠮᠡᠨ ᠲᠥᠭᠦᠷᠢᠭ ᠤᠨ | ᠱᠠᠩᠨᠠᠯ ᠤᠨ ᠪᠡᠯᠡ ᠮᠥᠩᠭᠦ ᠶᠢ ᠨᠢᠭᠡ ᠯᠡ ᠤᠳᠠᠭ᠎ᠠ ᠳᠤ ᠣᠯᠭᠤᠨ᠎ᠠ᠃ | ᠨᠠᠢᠮᠠᠳᠤᠭᠠᠷ ᠵᠦᠢᠯ ᠪᠦᠬᠦᠩ ᠠᠵᠤ ᠠᠬᠤᠶᠢᠯᠠᠯ ᠤᠨ ᠲᠣᠭᠲᠠᠭᠠᠭᠰᠠᠨ ᠨᠥᠬᠦᠴᠡᠯ ᠵᠢᠴᠢ ᠱᠠᠩᠨᠠᠯ ᠤᠨ | ᠵᠣᠭᠤᠰ ᠤᠨ ᠲᠤᠭ᠎ᠠ | ︵ᠨᠢᠭᠡ︶ ᠨᠦᠬᠦᠴᠡᠯ ᠮᠠᠭᠠᠳᠯᠠᠨ ᠲᠤᠭᠳᠠᠭᠠᠬᠤ | 1. ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠥᠭᠡᠳ ᠬᠠᠤᠯᠢ ᠶᠣᠰᠣᠭᠠᠷ ᠭᠠᠶᠢᠯᠢ ᠲᠤᠰᠢᠶᠠᠭᠰᠠᠨ | ᠪᠥᠭᠡᠳ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭ᠎ᠠ︾ ᠳᠤ ᠨᠡᠶᠢᠴᠡᠭᠰᠡᠨ ᠠᠵᠤ ᠠᠬᠤᠶᠢᠯᠠᠯ᠃ | 2. ᠠᠵᠤ ᠠᠬᠤᠶᠢᠯᠠᠯ ᠨᠢ ᠲᠠᠪᠤᠨ ᠵᠢᠯ ︵ᠲᠠᠪᠤᠨ ᠨᠢᠭᠲᠠᠯᠠᠨ ᠪᠣᠳᠣᠬᠤ ᠣᠨ︶ ᠠᠴᠠ ᠳᠡᠭᠡᠭᠰᠢ ᠪᠠᠶᠢᠭᠤᠯᠵᠤ᠂ | ᠦᠢᠯᠡᠳᠪᠦᠷᠢᠯᠡᠯ ᠡᠵᠡᠩᠨᠡᠯᠲᠡ ᠪᠠ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ ᠬᠠᠤᠯᠢ ᠶᠢ ᠵᠥᠷᠢᠴᠡᠭᠰᠡᠨ ᠲᠡᠮᠳᠡᠭᠯᠡᠯ | ᠦᠭᠡᠢ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ | 3 . ᠠᠵᠤ ᠦᠢᠯᠡᠳᠪᠦᠷᠢ ᠶᠢᠨ ᠠᠵᠤ ᠠᠬᠤᠶᠢᠯᠠᠯ ᠳᠦᠷᠦᠭᠦᠦ ᠵᠢᠯ ᠤᠨ ᠶᠡᠷᠦᠩᠭᠡᠢ ᠤᠷᠤᠯᠭ᠎ᠠ ᠨᠢ 2000 | ᠳᠦᠮᠡᠨ ᠳᠦᠭᠦᠷᠢᠭ ᠠᠴᠠ 1 ᠳ᠋ᠦᠩᠰᠢᠭᠤᠷ ᠳᠦᠭᠦᠷᠢᠭ ᠲᠤ ᠬᠦᠷᠦᠭᠰᠡᠨ ᠠᠵᠤ ᠠᠬᠤᠶᠢᠯᠠᠯ ᠪᠤᠯ ᠤᠶᠢᠷ᠎ᠠ ᠶᠢᠨ | ᠳᠦᠷᠪᠡᠨ ᠵᠢᠯ ᠤᠨ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠨᠢ 30% ᠪᠤᠶᠤ ᠠᠰᠢᠭ ᠤᠷᠤᠯᠭ᠎ᠠ ᠶᠢᠨ | ᠨᠡᠶᠢᠯᠡᠮᠡᠯ ᠨᠡᠮᠡᠭᠲᠡᠯ ᠤᠨ ᠨᠤᠷᠮ᠎ᠠ ᠶᠢ 30 % ᠳᠤ ᠬᠦᠷᠬᠡᠨ᠎ᠡ ᠃ᠳᠦᠷᠦᠭᠦᠦ ᠵᠢᠯ ᠤᠨ ᠤᠷᠤᠯᠭ᠎ᠠ ᠶᠢᠨ ᠨᠡᠶᠢᠯᠡᠮᠡᠯ | ᠨᠡᠮᠡᠭᠲᠡᠯ ᠤᠨ ᠨᠤᠷᠮ᠎ᠠ ᠨᠢ 1 ᠠᠴᠠ 5 ᠳ᠋ᠦᠩᠰᠢᠭᠤᠷ ᠳᠦᠭᠦᠷᠢᠭ ᠲᠤ ᠬᠦᠷᠦᠭᠰᠡᠨ ᠪᠦᠭᠡᠳ ᠳᠦᠷᠦᠭᠦᠦ ᠵᠢᠯ ᠤᠨ | ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠶᠢ 25 % ᠳᠤ ᠬᠦᠷᠬᠡᠭᠰᠡᠨ ᠪᠦᠭᠡᠳ ᠠᠰᠢᠭ ᠤᠷᠤᠯᠭ᠎ᠠ ᠶᠢᠨ | ᠨᠡᠶᠢᠯᠡᠮᠡᠯ ᠨᠡᠮᠡᠭᠲᠡᠯ ᠤᠨ ᠨᠤᠷᠮ᠎ᠠ ᠶᠢ 25 ᠳᠤ ᠬᠦᠷᠬᠡᠭᠰᠡᠨ ᠪᠠᠶᠢᠨ᠎ᠠ ᠳᠦᠷᠦᠭᠦᠦ ᠵᠢᠯ ᠤᠨ ᠪᠦᠭᠦ ᠤᠷᠤᠯᠭ᠎ᠠ ᠶᠢᠨ 5 | ᠳ᠋ᠦᠩᠰᠢᠭᠤᠷ ᠳᠦᠭᠦᠷᠢᠭ ᠲᠤ ᠬᠦᠷᠦᠭᠰᠡᠨ ᠠᠵᠤ ᠠᠬᠤᠶᠢᠯᠠᠯ ᠪᠤᠯ ᠤᠶᠢᠷ᠎ᠠ ᠶᠢᠨ ᠳᠦᠷᠪᠡᠨ ᠵᠢᠯ ᠤᠨ ᠤᠷᠤᠯᠭ᠎ᠠ ᠶᠢᠨ | ᠨᠡᠶᠢᠯᠡᠮᠡᠯ ᠨᠡᠮᠡᠭᠲᠡᠯ ᠤᠨ ᠨᠤᠷᠮ᠎ᠠ ᠶᠢ 20% ᠳᠤ ᠬᠦᠷᠬᠡᠭᠰᠡᠨ ᠪᠠᠶᠢᠨ᠎ᠠ᠃ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ᠄ ᠳᠡᠭᠡᠷ᠎ᠡ ᠵᠢᠯ ᠤᠨ ᠶᠡᠷᠦᠩᠬᠡᠢ ᠣᠷᠣᠯᠭ᠎ᠠ ᠨᠢ 500 | ᠲᠦᠮᠡᠨ ᠲᠥᠭᠦᠷᠢᠭ ᠠᠴᠠ 2000 ᠲᠦᠮᠡᠨ ᠲᠥᠭᠦᠷᠢᠭ ᠬᠦᠷᠬᠦ ᠠᠵᠤ ᠠᠬᠤᠶᠢᠯᠠᠯ᠄ ᠣᠶᠢᠷ᠎ᠠ ᠶᠢᠨ ᠳᠥᠷᠪᠡᠨ | ᠵᠢᠯ ᠤᠨ ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 30% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ | ᠨᠡᠮᠡᠭᠳᠡᠯ ᠤᠨ ᠨᠣᠷᠮ᠎ᠠ ᠶᠢ 30% ᠳᠤ ᠬᠦᠷᠭᠡᠨ᠎ᠡ︔ ᠲᠦᠷᠦᠭᠦᠤ ᠵᠢᠯ ᠤᠨ ᠶᠡᠷᠦᠩᠬᠡᠶ ᠣᠷᠣᠯᠭ᠎ᠠ ᠨᠢ 2000 | ᠲᠦᠮᠡᠨ ᠲᠥᠭᠦᠷᠢᠭ ᠠᠴᠠ 1 ᠳ᠋ᠦᠩᠰᠢᠭᠤᠷ ᠠᠵᠤ ᠠᠬᠤᠶᠢᠯᠠᠯ ᠳᠤ᠂ ᠣᠶᠢᠷ᠎ᠠ ᠶᠢᠨ ᠳᠥᠷᠪᠡᠨ ᠵᠢᠯ ᠤᠨ | ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 25% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ | ᠨᠡᠮᠡᠭᠳᠡᠯ ᠤᠨ ᠨᠣᠷᠮ᠎ᠠ ᠶᠢ 25% ᠳᠤ ᠬᠦᠷᠦᠭᠦᠯᠦᠨ᠎ᠡ︔ ᠲᠦᠷᠦᠭᠦᠤ ᠵᠢᠯ ᠤᠨ ᠶᠡᠷᠦᠩᠬᠡᠶ ᠣᠷᠣᠯᠭ᠎ᠠ ᠳ᠋ᠦᠩᠰᠢᠭᠤᠷ | ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠭ᠎ᠠ ᠠᠵᠤ ᠠᠬᠤᠶᠢᠯᠠᠯ᠄ ᠣᠶᠢᠷ᠎ᠠ ᠶᠢᠨ ᠳᠥᠷᠪᠡᠨ ᠵᠢᠯ ᠤᠨ | ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 20% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ | ᠨᠡᠮᠡᠭᠳᠡᠯ ᠤᠨ ᠨᠣᠷᠮ᠎ᠠ ᠶᠢ 20% ᠳᠤ ᠬᠦᠷᠭᠡᠨ᠎ᠡ᠃ | 4. ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠬᠤ ᠪᠠᠷ ᠮᠠᠭᠠᠳᠯᠠᠨ ᠲᠣᠭᠲᠠᠭᠠᠬᠤ ᠶᠢᠨ | ᠬᠠᠮᠲᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠠᠪᠴᠠᠩ ︵ | ᠰᠤᠳᠤᠯᠤᠨ ᠨᠡᠭᠡᠭᠡᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ | ᠥᠷᠲᠡᠭᠡ ᠵᠡᠷᠭᠡ ᠲᠠᠪᠴᠠᠩ︶ ᠪᠠᠶᠢᠭᠤᠯᠤᠨ᠎ᠠ᠃ | ︵ᠬᠤᠶᠠᠷ︶ ᠱᠠᠩᠨᠠᠯ ᠤᠨ ᠮᠥᠩᠭᠦ | ᠪᠦᠬᠦᠩ ᠪᠣᠯᠭᠠᠭᠰᠠᠨ ᠠᠵᠤ ᠠᠬᠤᠶᠢᠯᠠᠯ ᠳᠤ 10 ᠠᠴᠠ 30 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ | ᠃ | ᠶᠢᠰᠦᠳᠦᠭᠡᠷ ᠵᠦᠢᠯ ᠬᠤᠪᠣᠷ ᠰᠢᠷᠣᠶ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ | ᠬᠥᠬᠢᠭᠦᠯᠦᠨ ᠱᠠᠩᠨᠠᠨ᠎ᠠ᠃ ᠲᠣᠰ ᠲᠤᠰᠬᠠᠶ ᠵᠦᠢᠯ ᠪᠣᠯ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠦᠴᠦᠲᠡᠶ ᠭᠠᠷᠳᠠᠴᠠ | ᠮᠥᠨ᠂ ᠠᠵᠤ ᠠᠬᠤᠶᠢᠯᠠᠯ ᠬᠢᠭᠡᠳ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠪᠠ | ᠪᠣᠳᠠᠲᠤ ᠬᠦᠴᠦᠨ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ | ᠡᠭᠦᠳᠬᠦ ᠶᠢ ᠵᠣᠷᠢᠭᠵᠢᠭᠤᠯᠵᠤ᠂ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠥᠷᠲᠡᠭ ᠤᠨ ᠬᠡᠯᠬᠢᠶ᠎ᠡ ᠶᠢᠨ | ᠰᠢᠨ᠎ᠡ ᠶᠢ ᠡᠭᠦᠳᠬᠦ ᠬᠡᠯᠬᠢᠶ᠎ᠡ ᠶᠢᠨ ᠳᠡᠭᠡᠳᠦ ᠲᠠᠰ ᠤᠨ ᠭᠤᠤᠯᠯᠠᠬᠤ ᠪᠠᠶᠢᠷᠢ ᠰᠠᠭᠤᠷᠢ ᠶᠢ ᠲᠦᠷᠭᠡᠳᠬᠡᠨ ᠡᠵᠡᠯᠡᠬᠦ ᠶᠢ | ᠵᠣᠷᠢᠭᠵᠢᠭᠤᠯᠬᠤ ᠶᠠᠪᠤᠳᠠᠯ ᠪᠣᠯᠤᠨ᠎ᠠ᠃ | ᠠᠷᠪᠠᠳᠤᠭᠠᠷ ᠵᠦᠢᠯ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ᠂ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ᠂ ᠤᠯᠤᠰ ᠤᠨ ᠲᠡᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠮᠡᠷᠭᠡᠵᠢᠯ ᠤᠨ ᠠᠵᠤ ᠠᠬᠤᠶᠢᠯᠠᠯ᠂ ᠬᠤᠪᠣᠷ ᠰᠢᠷᠣᠢ ᠶᠢᠨ ᠠᠵᠤ ᠦᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠪᠠᠷ ᠱᠠᠩᠨᠠᠬᠤ ᠵᠢᠷᠭᠤᠭᠠᠨ ᠲᠦᠷᠦᠯ ᠤᠨ ᠱᠠᠩᠨᠠᠯ ᠤᠨ ᠪᠡᠯᠡ ᠮᠥᠩᠭᠦ ᠶᠢᠨ | ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠂ ᠮᠡᠳᠡᠭᠦᠯᠬᠦ ᠮᠠᠲ᠋ᠧᠷᠢᠶᠠᠯ ᠢ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠡᠴᠠᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ | ᠲᠤᠭᠤᠷᠪᠢᠵᠤ ᠨᠡᠶᠢᠲᠡᠯᠡᠨ᠎ᠡ᠃ | ᠠᠷᠪᠠᠨ ᠨᠢᠭᠡᠳᠦᠭᠡᠷ ᠵᠦᠢᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨᠤᠷᠤᠨ ᠤ | ᠬᠠᠮᠢᠶᠠᠷᠤᠯᠲᠠ ᠶᠢᠨ ᠵᠥᠪᠯᠡᠯ ᠨᠢ ᠵᠢᠯ ᠪᠦᠷᠢ ᠨᠢᠭᠡ ᠤᠳᠠᠭ᠎ᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠱᠠᠩᠨᠠᠬᠤ ᠪᠠᠷ ᠭᠤᠶᠤᠴᠢᠯᠠᠨ ᠮᠡᠳᠡᠭᠦᠯᠵᠦ ᠬᠢᠨᠠᠨ ᠲᠣᠭᠲᠠᠭᠠᠬᠤ ᠪᠠ ᠪᠡᠯᠡ ᠮᠥᠩᠭᠦ ᠶᠢ | ᠪᠣᠳᠠᠲᠠᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠱᠠᠩᠨᠠᠯ ᠤᠨ ᠪᠡᠯᠡ ᠮᠥᠩᠭᠦ ᠶᠢ ᠵᠢᠯ ᠪᠦᠷᠢ ᠬᠤᠪᠣᠷ | ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ | ᠮᠥᠩᠭᠦ ᠪᠠᠷ ᠭᠠᠷᠭᠠᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠡᠯ᠎ᠡ ᠲᠥᠷᠥᠯ ᠤᠨ ᠱᠠᠩᠨᠠᠯ ᠤᠨ ᠪᠡᠯᠡ ᠮᠥᠩᠭᠦ ᠶᠢ ᠭᠤᠶᠤᠴᠢᠯᠠᠨ | ᠮᠡᠳᠡᠭᠦᠯᠵᠦ ᠬᠢᠨᠠᠨ ᠲᠣᠭᠲᠠᠭᠠᠬᠤ ᠪᠠ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ | ᠬᠠᠷᠢᠭᠤᠴᠠᠵᠤ᠂ ᠡᠯ᠎ᠡ ᠬᠦᠷᠢᠶᠡᠯᠡᠩ ᠲᠣᠭᠤᠷᠢᠭ ᠲᠤ ᠪᠠᠶᠢᠭ᠎ᠠ ᠲᠣᠭᠤᠷᠢᠭ ᠤᠨ ᠵᠠᠰᠠᠭ ᠤᠨ ᠣᠷᠳᠣᠨ ᠪᠤᠶᠤ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠠᠵᠢᠯ ᠢ | ᠵᠣᠬᠢᠶᠠᠨ ᠪᠠᠶᠢᠭᠤᠯᠵᠤ ᠰᠠᠶᠢᠲᠤᠷ ᠬᠢᠬᠦ ᠶᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠲᠣᠰ ᠠᠷᠭ᠎ᠠ ᠶᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |