【ᠲᠠᠪᠤᠨ ᠶᠡᠭᠡ ᠡᠭᠦᠷᠭᠡ】ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/10/13
    10 ᠰᠠᠷ᠎ᠠ ᠶᠢᠨ 10 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠮᠡᠵᠦ ᠥᠷᠭᠡᠳᠬᠡᠬᠦ ᠢᠨᠵᠧᠨᠧᠷᠢᠩ ᠢ ᠡᠬᠢᠯᠡᠭᠦᠯᠬᠦ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠦᠨ ᠲᠠᠷᠬᠠᠭᠠᠬᠤ ᠲᠥᠪ ᠪᠠ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠰᠢᠨ᠎ᠡ ᠶᠢ ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠭᠦ ᠲᠣᠭᠤᠷᠢᠭ ᠢ ᠲᠥᠪᠯᠡᠷᠡᠭᠦᠯᠦᠨ ᠪᠦᠲᠦᠭᠡᠨ ᠪᠠᠶᠢᠭᠤᠯᠬᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠪᠠᠶᠢᠳᠠᠯ ᠢ ᠲᠣᠬᠢᠷᠠᠭᠤᠯᠵᠤ᠂ ᠡᠨᠡ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠮᠥᠨ᠂ ᠵᠠᠪᠠᠯ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠲᠠᠩᠰᠠ ᠲᠤᠰᠢᠶᠠᠵᠤ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠨᠢᠭᠡ ᠳᠤ᠂ ᠲᠠᠭᠢᠨ ᠬᠦᠴᠦᠯᠡᠵᠦ ᠳᠥᠷᠪᠡᠳᠦᠭᠡᠷ ᠤᠯᠠᠷᠢᠯ ᠢ ᠠᠰᠢᠭᠯᠠᠨ ᠬᠤᠯᠪᠣᠭᠳᠠᠯ ᠪᠦᠬᠦᠢ ᠠᠵᠢᠯ ᠢ ᠱᠠᠯᠠᠪᠳᠠᠭᠤᠯᠤᠨ ᠠᠬᠢᠭᠤᠯᠵᠤ᠂ ᠲᠣᠭᠲᠠᠭᠠᠭᠰᠠᠨ ᠶᠠᠪᠤᠳᠠᠯ ᠢ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠳᠤᠮᠳᠠᠳᠤ ᠡᠸᠦ᠋ᠷᠦᠫᠡ ᠶᠢᠨ ᠬᠤᠶᠠᠷ ᠵᠢᠰᠢᠶᠠᠨ ᠤ ᠭᠠᠯᠲᠤ ᠲᠡᠷᠭᠡᠨ ᠤ ᠵᠥᠭᠡᠭᠡᠪᠦᠷᠢ ᠶᠢᠨ ᠬᠦᠴᠦᠨ ᠢ ᠲᠦᠷᠭᠡᠨ ᠳᠡᠭᠡᠭᠰᠢᠯᠡᠭᠦᠯᠵᠦ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠲᠡᠬᠡᠨ ᠠᠵᠢᠯ ᠢᠶᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠱᠠᠯᠠᠪᠳᠠᠭᠤᠯᠤᠨ ᠨᠠᠶᠢᠷᠠᠭᠤᠯᠤᠨ ᠵᠣᠬᠢᠶᠠᠵᠤ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠰᠢᠨ᠎ᠡ ᠵᠢᠵᠢᠭᠯᠡᠨ ᠪᠣᠷᠣᠯᠠᠭᠤᠯᠬᠤ ᠰᠢᠨ᠎ᠡ ᠶᠢ ᠡᠭᠦᠳᠬᠦ ᠲᠥᠪ ᠪᠣᠯᠣᠨ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠬᠠᠮᠵᠢᠯᠴᠠᠨ ᠪᠦᠲᠦᠭᠡᠨ ᠪᠠᠶᠢᠭᠤᠯᠵᠤ᠂ ᠡᠳ᠋ᠰᠢᠭᠦᠯᠦᠨ ᠪᠤᠯᠪᠠᠰᠤᠷᠠᠭᠤᠯᠬᠤ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ︽ᠭᠠᠷ ᠲᠠᠮᠵᠢᠪᠠᠴᠤ ᠠᠰᠢᠭ ᠭᠦᠷᠳᠡᠭᠦ ᠦᠭᠡᠢ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠬᠦᠴᠦᠨ ᠴᠢᠳᠠᠯ ᠢ ᠨᠡᠶᠢᠳᠬᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠷᠣᠨ ᠪᠠᠶᠢᠷᠢ ᠶᠢᠨ ᠳᠠᠪᠠᠭᠤᠯᠢᠭ᠂ ᠪᠣᠭᠤᠮᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠠᠶᠢᠳᠠᠯ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠵᠡᠷᠭᠡ ᠬᠠᠤᠯᠢ ᠲᠣᠭᠲᠠᠭᠠᠯ ᠤᠨ ᠲᠥᠰᠥᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号