ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠠᠯᠪᠠᠨ ᠵᠠᠷ
ᠨᠡᠶᠢᠲᠡᠯᠡᠭᠰᠡᠨ ᠴᠠᠭ᠄
2023/10/15
    ᠪᠤᠭᠤᠲᠤ ᠬᠤᠲᠠ ᠶᠢᠨ ᠶᠢᠨ ᠳ᠋ᠠ ᠯᠢ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠭᠠᠵᠠᠷ ᠰᠢᠷᠣᠢ ᠶᠢᠨ ᠦᠨᠡᠮᠯᠡᠯ ᠢᠶᠠᠨ ᠭᠡᠭᠡᠭᠰᠡᠨ ᠢ ᠨᠥᠬᠦᠪᠦᠷᠢᠯᠡᠬᠦ ᠦᠨᠡᠮᠯᠡᠯ ᠤᠨ ᠲᠤᠬᠠᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠠᠯᠪᠠᠨ ᠵᠠᠷ     ᠪᠤᠭᠤᠲᠤ ᠬᠤᠳᠠ ᠶᠢᠨ ᠶᠢᠨ ᠳ᠋ᠠ ᠯᠢ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠨᠡᠷ᠎ᠡ ᠳᠣᠣᠷᠠᠬᠢ ︽ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠨᠡᠮᠯᠡᠯ︾ ᠥᠪᠥᠷ ᠮᠣᠩᠭᠤᠯ ︵2021︶ ᠪᠤᠭᠤᠲᠤ ᠬᠤᠳᠠ ᠶᠢᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ 0900392 ᠳ᠋ᠤᠭᠠᠷ ᠨᠣᠮᠧᠷᠲᠤ᠂ ᠰᠠᠶᠢᠲᠤᠷ ᠬᠠᠮᠢᠶᠠᠷᠴᠤ ᠬᠠᠮᠢᠶᠠᠷᠤᠭᠰᠠᠨ ᠦᠭᠡᠢ ᠠᠴᠠ ᠪᠣᠯᠵᠤ ᠳᠡᠭᠡᠷ᠎ᠡ ᠳᠤᠷᠠᠳᠤᠭᠰᠠᠨ ︽ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠨᠡᠮᠯᠡᠯ︾ ᠢ ᠭᠡᠭᠡᠭᠰᠡᠨ ᠤ ᠬᠠᠮᠲᠤ ︽ᠪᠤᠭᠤᠲᠤ ᠶᠢᠨ ᠡᠳᠦᠷ ᠤᠨ ᠰᠣᠨᠢᠨ︾ ᠤ 23446 ᠳ᠋ᠤᠭᠠᠷ ᠬᠤᠭᠤᠴᠠᠭᠠᠨ ᠤ ᠢᠯᠡᠷᠬᠡᠶᠢᠯᠡᠯᠲᠡ ᠪᠠᠷ ᠬᠦᠴᠦᠨ ᠦᠭᠡᠢ ᠪᠣᠯᠭᠠᠵᠠᠢ᠂ ᠤᠳᠤ ᠮᠠᠨ ᠤ ᠲᠥᠪ ᠲᠤ ᠦᠨᠡᠮᠯᠡᠯ ᠨᠥᠬᠦᠪᠦᠷᠢᠯᠡᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠪᠠ᠃ ᠲᠣᠰ ᠭᠠᠵᠠᠷ ᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠰᠡᠯᠡᠩᠲᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠬᠡᠷᠡᠭᠯᠡᠬᠦ ᠡᠷᠬᠡ ᠶᠢᠨ ᠲᠠᠯᠠᠪᠠᠶ ᠨᠢ 37169.07 ᠲᠡᠭᠰᠢ ᠳᠥᠷᠪᠡᠯᠵᠢᠨ ᠮᠧᠲᠷ ᠪᠠᠶᠢᠵᠤ᠂ ᠬᠡᠷᠡᠭᠯᠡᠬᠦ ᠭᠠᠵᠠᠷ ᠨᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠪᠣᠯᠣᠨ᠎ᠠ᠂ ᠬᠡᠷᠡᠭᠯᠡᠬᠦ ᠬᠤᠭᠤᠴᠠᠭ᠎ᠠ ᠨᠢ 2010.10.31 ᠠᠴᠠ 2060.10.30 ᠤ ᠡᠳᠦᠷ᠃    ᠮᠠᠨ ᠤ ᠲᠥᠪ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠵᠠᠷᠯᠠᠨ ᠨᠡᠶᠢᠲᠡᠯᠡᠪᠡ᠃ ᠲᠤᠰ ᠠᠯᠪᠠᠨ ᠵᠠᠷ ᠤᠨ ᠬᠤᠭᠤᠴᠠᠭ᠎ᠠ ᠨᠢ 15 ᠠᠵᠢᠯᠯᠠᠬᠤ ᠡᠳᠦᠷ ᠪᠣᠯᠣᠨ᠎ᠠ᠃ ᠣᠨᠳᠣᠣ ᠰᠠᠨᠠᠯ ᠲᠠᠢ ᠪᠣᠯ᠂ ᠠᠯᠪᠠᠨ ᠵᠠᠷᠯᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ ᠮᠠᠨ ᠤ ᠲᠥᠪ ᠲᠤ ᠭᠤᠶᠤᠴᠢᠯᠠᠯ ᠭᠠᠷᠭᠠᠬᠤ ᠪᠣᠯᠪᠠᠤ︖    ᠣᠨᠴᠠᠭᠠᠶᠢᠯᠠᠨ ᠵᠠᠷᠯᠠᠪᠠ     ᠬᠠᠷᠢᠯᠴᠠᠬᠤ ᠤᠲᠠᠰᠤ᠄ 5235052    5163108                  ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ                  ᠥᠯᠥ ᠬᠥᠳᠡᠯᠬᠦ ᠬᠥᠷᠥᠩᠭᠡ ᠳᠠᠩᠰᠠᠯᠠᠬᠤ ᠲᠥᠪ                                                2023 ᠣᠨ ᠤ 9 ᠰᠠᠷ᠎ᠠ ᠶᠢᠨ 25
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号