10 ᠳ᠋ᠤᠭᠠᠷ ᠰᠠᠷ᠎ᠠ ᠶᠢᠨ 22 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠣᠷ | ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠧᠵᠢᠶᠠᠩ ᠮᠤᠵᠢ ᠶᠢᠨ | ᠨᠢᠩᠪᠦ᠋ᠸᠧ ᠬᠤᠲᠠ ᠳᠤ ᠬᠤᠷᠠᠯᠳᠤᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ | ᠷᠦᠢ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠢᠯ | ᠲᠥᠷᠥᠯ ᠤᠨ ᠨᠡᠶᠢᠭᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠠᠩ ᠸᠧᠨ ᠬᠤᠸ ᠪᠠᠶᠠᠷ ᠤᠨ ᠦᠭᠡ | ᠬᠡᠯᠡᠵᠡᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠸ ᠯᠢᠶᠠᠨ ᠬᠤᠷᠠᠯ ᠡᠷᠭᠢᠯᠡᠵᠦ᠂ ᠤᠮᠠᠷᠠᠲᠤ ᠶᠢᠨ ᠬᠤᠪᠣᠷ | ᠰᠢᠷᠣᠢ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠯᠢᠦ ᠬᠠᠢ ᠹᠧᠩ ᠬᠤᠪᠣᠷ ᠰᠢᠷᠣᠢ ᠶᠢᠨ | ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠪᠠᠶᠢᠳᠠᠯ ᠢ ᠲᠠᠨᠢᠯᠴᠠᠭᠤᠯᠪᠠ᠃ | ᠪᠠᠢ ᠴᠢᠩ ᠶᠤᠸᠠᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠥᠪᠥᠷ ᠮᠣᠩᠭᠤᠯ ᠤᠨ ᠬᠤᠪᠣᠷ ᠰᠢᠷᠣᠢ ᠶᠢᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ᠂ ᠬᠥᠭᠵᠢᠯᠲᠡ ᠶᠢᠨ | ᠬᠠᠷᠠᠯᠲᠠ ᠶᠢ ᠲᠣᠳᠣᠷᠬᠠᠶᠢᠯᠠᠵᠠᠢ᠃ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠥᠪᠥᠷ ᠮᠣᠩᠭᠤᠯ ᠤᠨ ︽ᠬᠤᠶᠠᠷ ᠬᠤᠪᠣᠷ | ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠳᠤ ᠬᠦᠴᠦᠲᠡᠢ ᠳᠡᠮᠵᠢᠯᠭᠡ ᠦᠵᠡᠭᠦᠯᠪᠡ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠦᠴᠦᠨ ᠢ ᠲᠥᠪᠯᠡᠷᠡᠭᠦᠯᠦᠨ ᠬᠤᠪᠣᠷ ᠰᠢᠷᠣᠢ ᠶᠢᠨ ᠠᠵᠤ | ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠨᠢ ᠨᠢᠭᠡᠨᠲᠡ ᠡᠯ᠎ᠡ ᠲᠠᠯ᠎ᠠ ᠶᠢᠨ ᠬᠢᠨ ᠤ ᠳᠡᠭᠡᠳᠦ ᠬᠡᠮᠵᠢᠶᠡᠨ ᠤ | ᠬᠠᠮᠲᠤ ᠶᠢᠨ ᠲᠠᠨᠢᠯᠲᠠ ᠲᠠᠢ ᠪᠣᠯᠵᠤ᠂ ᠬᠤᠪᠣᠷ ᠰᠢᠷᠣᠢ ᠶᠢᠨ ᠠᠵᠤ ᠦᠢᠯᠡᠰ ᠤᠷᠢᠳ ᠡᠮᠦᠨ᠎ᠡ ᠪᠠᠶᠢᠭ᠎ᠠ ᠦᠭᠡᠢ | ᠴᠢᠬᠤᠯᠠ ᠶᠡᠭᠡ ᠠᠵᠠ ᠲᠣᠬᠢᠶᠠᠯ ᠢ ᠤᠭᠲᠤᠨ ᠠᠪᠴᠢᠷᠠᠵᠤ᠂ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ | ᠬᠡᠲᠦ ᠶᠢᠨ ᠲᠥᠯᠥᠪ ᠢ ᠢᠯᠡᠷᠡᠭᠦᠯᠦᠨ ᠬᠤᠪᠣᠷ ᠰᠢᠷᠣᠢ ᠶᠢᠨ ᠠᠵᠢᠯ ᠲᠥᠷᠥᠯ ᠤᠨ ᠡᠯ᠎ᠡ ᠠᠵᠤ ᠠᠬᠤᠶᠢᠯᠠᠯ ᠳᠤ ᠴᠢᠩ | ᠰᠡᠳᠬᠢᠯ ᠤᠨ ᠤᠷᠢᠯᠭ᠎ᠠ ᠪᠠᠨ ᠳᠡᠪᠰᠢᠭᠦᠯᠵᠦ᠂ ᠡᠯ᠎ᠡ ᠠᠵᠤ ᠠᠬᠤᠶᠢᠯᠠᠯ ᠤᠨ ᠲᠣᠬᠢᠶᠠᠯ ᠢ ᠦᠵᠡᠨ ᠬᠦᠳᠡᠯᠦᠯᠴᠡᠨ | ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ | ᠪᠦᠲᠦᠭᠡᠨ ᠪᠠᠶᠢᠭᠤᠯᠤᠯᠲᠠ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠶᠡᠭᠡ ᠬᠠᠨᠳᠤᠰᠢ ᠶᠢ | ᠡᠵᠡᠮᠳᠡᠬᠦ ᠳᠤᠮᠳᠠ ᠶᠡᠭᠡ ᠬᠥᠭᠵᠢᠯᠲᠡ ᠶᠢ ᠪᠡᠶᠡᠯᠡᠭᠦᠯᠦᠨ ᠠᠵᠠ ᠲᠣᠬᠢᠶᠠᠯ ᠢ ᠰᠠᠶᠢᠲᠤᠷ ᠠᠰᠢᠭᠯᠠᠬᠤ ᠳᠤᠮᠳᠠ ᠰᠢᠨ᠎ᠡ | ᠬᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠪᠠᠶᠠᠷᠯᠠᠨ ᠤᠭᠲᠤᠵᠤ ᠪᠠᠶᠢᠨ᠎ᠠ᠃ | ᠶᠠᠩ ᠸᠧᠨ ᠬᠤᠤ ᠪᠠᠶᠠᠷ ᠤᠨ ᠶᠠᠷᠢᠶᠠᠨ ᠳᠤ ᠪᠠᠨ᠂ ᠥᠪᠥᠷ ᠮᠣᠩᠭᠤᠯ ᠤᠨ ᠪᠤᠭᠤᠲᠤ᠂ ᠵᠧᠵᠢᠶᠠᠩ ᠤᠨ | ᠨᠢᠩᠪᠦ᠋ᠸᠧ ᠬᠤᠶᠠᠷ ᠭᠠᠵᠠᠷ ᠤᠨ ᠬᠤᠪᠣᠷ ᠰᠢᠷᠣᠢ ᠶᠢᠨ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠶᠢᠯᠠᠯ ᠤᠨ | ᠬᠥᠭᠵᠢᠯᠲᠡ ᠨᠢ ᠥᠪᠡᠷ ᠥᠪᠡᠷ ᠤᠨ ᠣᠨᠴᠠᠯᠢᠭ ᠲᠠᠢ ᠮᠦᠷᠳᠡᠭᠡᠨ ᠳᠠᠪᠠᠭᠤᠯᠢᠭ ᠲᠠᠢ ᠪᠠᠶᠢᠵᠤ᠂ ᠬᠤᠪᠣᠷ ᠰᠢᠷᠣᠢ ᠶᠢᠨ | ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠳᠤ ᠲᠤᠰ ᠲᠤᠰ ᠤᠨ ᠭᠤᠣᠯᠳᠠᠯᠭ᠎ᠠ ᠶᠢ ᠡᠵᠡᠯᠡᠨ᠂ | ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠰᠠᠭᠠᠳ | ᠦᠭᠡᠢ ᠨᠡᠪᠲᠡᠷᠡᠬᠦ ᠶᠢ ᠬᠠᠮᠠᠭᠠᠯᠠᠵᠣ ᠪᠠᠶᠢᠬᠤ ᠣᠴᠢᠷ ᠬᠤᠶᠠᠷ ᠭᠠᠵᠠᠷ ᠤᠨ ᠠᠵᠤ ᠦᠢᠯᠡᠰ ᠤᠨ ᠠᠵᠤ ᠠᠬᠤᠶᠢᠯᠠᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠶᠢ ᠴᠢᠩᠭᠠᠳᠬᠠᠬᠤ ᠨᠢ ᠲᠤᠶᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ᠮᠡᠷᠭᠡᠵᠢᠯ ᠤᠨ | ᠠᠵᠤ ᠦᠢᠯᠡᠰ ᠤᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠬᠤᠪᠢᠶᠠᠯᠴᠠᠨ ᠡᠳ᠋ᠯᠡᠵᠦ᠂ ᠭᠦᠨᠵᠡᠭᠡᠢ ᠰᠣᠯᠢᠯᠴᠠᠭ᠎ᠠ | ᠬᠢᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠦᠨ᠂ | ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠰ ᠲᠣᠰ ᠤᠨ ᠳᠠᠪᠠᠭᠤᠯᠢᠭ ᠢᠶᠠᠨ ᠨᠠᠩ ᠰᠠᠶᠢᠲᠤᠷ ᠪᠠᠳᠠᠷᠠᠭᠤᠯᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠭᠤᠰᠤᠯᠴᠠᠨ ᠰᠢᠨ᠎ᠡ ᠶᠢ ᠡᠭᠦᠳᠬᠦ ᠬᠥᠭᠵᠢᠯᠲᠡ ᠶᠢᠨ | ᠠᠮᠢᠳᠤᠯᠢᠭ ᠬᠦᠴᠦᠨ ᠪᠠ ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠠᠵᠢᠯ | ᠲᠦᠷᠦᠯ ᠤᠨ ᠨᠡᠶᠢᠭᠡᠮᠯᠢᠭ ᠤᠨ ᠬᠢᠨ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠪᠠᠳᠠᠷᠠᠭᠤᠯᠣᠨ ᠠᠵᠢᠯ ᠲᠦᠷᠦᠯ ᠤᠨ ᠠᠵᠤ ᠦᠢᠯᠡᠰ ᠤᠨ ᠠᠵᠤ ᠠᠬᠤᠶᠢᠯᠠᠯ ᠤᠨ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠬᠤᠪᠣᠷ ᠰᠢᠷᠣᠢ ᠶᠢᠨ | ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠳᠡᠢ ᠭᠡᠵᠦ | ᠵᠢᠭᠠᠵᠤ ᠭᠠᠷᠭᠠᠪᠠ᠃ | ᠲᠤᠰ ᠤᠳᠠᠭᠠᠨ ᠤ ᠰᠣᠯᠢᠯᠴᠠᠭᠠᠨ ᠤ ᠬᠤᠷᠠᠯ ᠳᠤ ᠪᠠᠰᠠ ᠲᠤᠰ ᠲᠤᠰ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠤᠰᠬᠠᠢ ᠶᠠᠷᠢᠯᠴᠠᠬᠤ ᠬᠤᠷᠠᠯ | ᠬᠢᠵᠦ᠂ ᠨᠢᠩᠪᠦ᠋ᠸᠧ ᠶᠢᠨ ᠹᠦ᠋ ᠨᠦᠩ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠵᠧᠵᠢᠶᠠᠩ ᠤᠨ ᠳ᠋ᠠ ᠴᠧᠩ | ᠴᠠᠬᠢᠯᠭᠠᠨ ᠵᠢᠴᠢ ᠨᠢᠩᠪᠦ᠋ᠸᠧ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠬᠤᠳᠠᠯᠳᠤᠭᠠᠨ ᠤ ᠡᠪᠯᠡᠯ᠂ ᠳ᠋ᠠᠯᠢᠶᠠᠨ ᠤ | ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠨᠢᠩᠪᠦ᠋ᠸᠧ ᠶᠢᠨ ᠰᠤᠳᠤᠯᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ ᠮᠠᠲ᠋ᠧᠷᠢᠶᠠᠯ ᠤᠨ ᠮᠡᠷᠭᠡᠵᠢᠯ | ᠪᠣᠯᠣᠨ ᠢᠨᠵᠧᠨᠧᠷᠢᠩ ᠤᠨ ᠰᠤᠳᠤᠯᠭᠠᠨ ᠤ ᠭᠠᠵᠠᠷ ᠵᠡᠷᠭᠡ 83 ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ | ᠂ ᠬᠤᠳᠠᠯᠳᠤᠭᠠᠨ ᠤ ᠡᠪᠯᠡᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠪᠣᠯᠣᠨ ᠲᠠᠪᠴᠠᠩ ᠤᠨ ᠪᠠᠶᠢᠭᠤᠯᠤᠮᠵᠢ ᠶᠢᠨ 106 ᠲᠥᠯᠥᠭᠡᠯᠡᠭᠴᠢ ᠬᠤᠷᠠᠯ ᠳᠤ ᠣᠷᠣᠯᠴᠠᠨ ᠠᠵᠠ | ᠲᠣᠬᠢᠶᠠᠯ ᠢ ᠬᠠᠮᠲᠤᠪᠠᠷ ᠡᠳ᠋ᠯᠡᠵᠦ᠂ ᠬᠥᠭᠵᠢᠯᠲᠡ ᠶᠢ ᠬᠠᠮᠲᠤᠪᠠᠷ ᠵᠥᠪᠳᠡᠯᠴᠡᠵᠦ᠂ ᠢᠷᠡᠭᠡᠳᠦᠢ ᠶᠢ ᠬᠠᠮᠲᠤᠪᠠᠷ | ᠡᠷᠢᠯᠬᠢᠯᠡᠪᠡ᠃ | ᠲᠤᠰ ᠤᠳᠠᠭᠠᠨ ᠤ ᠰᠣᠯᠢᠯᠴᠠᠭᠠᠨ ᠤ ᠴᠤᠭᠯᠠᠭᠠᠨ ᠨᠢ ᠥᠪᠥᠷ ᠮᠣᠩᠭᠤᠯ ᠵᠢᠴᠢ ᠪᠤᠭᠤᠲᠤ ᠬᠤᠲᠠ ᠶᠢᠨ ᠬᠤᠪᠣᠷ | ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠳᠠᠪᠠᠭᠤᠯᠢᠭ ᠪᠠ ᠪᠡᠯᠡ | ᠣᠷᠣᠭᠤᠯᠤᠯᠲᠠ ᠶᠢᠨ ᠣᠷᠴᠢᠨ ᠲᠣᠭᠤᠷᠢᠨ ᠢ ᠬᠦᠴᠦᠲᠡᠢ ᠲᠠᠨᠢᠯᠴᠠᠭᠤᠯᠵᠤ᠂ ᠬᠤᠪᠣᠷ ᠰᠢᠷᠣᠢ ᠶᠢᠨ ᠠᠵᠤ | ᠠᠬᠤᠶᠢᠯᠠᠯ ᠤᠨ ᠣᠯᠣᠯᠴᠠᠨ ᠰᠣᠯᠢᠯᠴᠠᠬᠤ ᠲᠠᠪᠴᠠᠩ ᠢ ᠪᠠᠶᠢᠭᠤᠯᠬᠤ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠲᠣᠮᠣ ᠠᠵᠤ ᠦᠢᠯᠡᠰ ᠢ ᠣᠷᠣᠭᠤᠯᠤᠨ ᠠᠪᠴᠢᠷᠠᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠤᠳᠠᠭ᠎ᠠ ᠶᠢᠨ ᠠᠮᠢᠳᠤᠯᠢᠭ ᠦᠢᠯᠡᠳᠦᠯᠭᠡ ᠪᠠᠶᠢᠵᠤ᠂ ᠮᠠᠰᠢ | ᠰᠠᠶᠢᠨ ᠦᠷ᠎ᠡ ᠪᠦᠲᠦᠮᠵᠢ ᠣᠯᠵᠠᠭᠠᠨ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠲᠦᠷᠭᠡᠨ | ᠬᠥᠭᠵᠢᠯᠲᠡ ᠶᠢ ᠠᠬᠢᠭᠤᠯᠬᠤ ᠨᠢ ᠯᠠᠪᠲᠠᠢ ᠶᠤᠮ᠃ |