ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ    ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ︽ᠳᠡᠭᠡᠳᠦ ᠰᠢᠨ᠎ᠡ ᠬᠤᠷᠳᠤᠴᠠ︾ ᠶᠢ ᠲᠠᠰᠤᠷᠠᠯᠲᠠ ᠦᠭᠡᠢ ᠰᠢᠨᠡᠳᠬᠡᠪᠡ
ᠨᠡᠶᠢᠲᠡᠯᠡᠭᠰᠡᠨ ᠴᠠᠭ᠄
2023/10/23
   ᠥᠨᠥᠳᠥᠷ ᠤᠨ ᠲᠦᠷᠦᠯ ᠵᠦᠢᠯ ᠪᠣᠯ ᠳᠠᠷᠤᠢ ᠮᠠᠷᠭᠠᠰᠢ ᠶᠢᠨ ᠬᠥᠭᠵᠢᠯᠲᠡ ᠶᠢᠨ ᠬᠦᠴᠦᠨ᠂ ᠰᠢᠨ᠎ᠡ ᠶᠢ ᠡᠭᠦᠳᠬᠦ ᠬᠦᠴᠦᠨ ᠪᠣᠯᠣᠨ ᠥᠷᠢᠰᠦᠯᠳᠦᠬᠦ ᠬᠦᠴᠦᠨ ᠪᠣᠯᠣᠨ᠎ᠠ᠃ ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠤᠶᠠᠷ ᠬᠤᠳᠠ︾ ᠪᠣᠯᠣᠨ ᠲᠠᠪᠤᠨ ᠶᠡᠭᠡ ᠪᠠᠶᠢᠯᠳᠣᠭᠠᠨ ᠤ ᠰᠢᠨ᠎ᠡ ᠠᠵᠤ ᠦᠢᠯᠡᠰ ᠤᠨ ᠪᠦᠯᠦᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠪᠠᠷ ᠭᠤᠣᠯᠳᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠭᠡᠬᠦ ᠡᠨᠡᠬᠦ ︽ᠵᠠᠩᠭᠢᠯᠠᠭ᠎ᠠ︾ ᠶᠢ ᠴᠢᠩᠭ᠎ᠠ ᠠᠳᠬᠤᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠣᠶᠢᠵᠢᠭᠤᠯᠣᠨ ᠰᠢᠨ᠎ᠡ ᠬᠥᠳᠡᠯᠭᠡᠬᠦ ᠬᠦᠴᠦᠨ ᠢ ᠡᠭᠦᠳᠴᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠨᠡᠮᠡᠭᠳᠡᠯ ᠤᠨ ᠬᠤᠷᠳᠤᠴᠠ ᠶᠢ ᠠᠬᠢᠭᠤᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ︽ᠳᠡᠭᠡᠳᠦ ᠰᠢᠨ᠎ᠡ ᠬᠤᠷᠳᠤᠴᠠ︾ ᠶᠢ ᠲᠠᠰᠤᠷᠠᠯᠲᠠ ᠦᠭᠡᠢ ᠰᠢᠨᠡᠳᠬᠡᠵᠡᠢ᠃    2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ 65 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 478.18 ᠳ᠋ᠦᠩᠰᠢᠭᠤᠷ ᠲᠥᠭᠦᠷᠢᠭ ᠲᠤ ᠬᠦᠷᠪᠡ᠃ ᠲᠤᠰ ᠵᠢᠯ ᠳᠤ 244.68 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠣᠲᠣ ᠪᠣᠯᠲᠠᠯ᠎ᠠ᠂ 198.43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 81.1% ᠶᠢᠨ ᠪᠡᠯᠡ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ᠂ ᠡᠭᠦᠨ ᠳᠤ 42 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ 117.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 77.65% ᠶᠢᠨ ᠪᠡᠯᠡ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ᠃    ᠠᠯᠢᠪᠠ ᠪᠦᠬᠦᠨ ᠲᠦᠷᠦᠯ ᠵᠦᠢᠯ ᠤᠨ ᠲᠣᠭᠤᠷᠢᠨ ᠳᠤ ᠠᠵᠢᠯᠯᠠᠵᠤ᠂ ᠠᠯᠢᠪᠠ ᠪᠦᠬᠦᠨ ᠲᠦᠷᠦᠯ ᠵᠦᠢᠯ ᠤᠨ ᠡᠷᠭᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠢ ᠠᠩᠭᠢ ᠳᠤ ᠦᠢᠯᠡᠴᠢᠯᠡᠬᠦ᠂ ᠪᠡᠯᠡ ᠣᠷᠣᠭᠤᠯᠤᠯᠲᠠ ᠶᠢ ᠮᠥᠷᠳᠡᠬᠦ ᠵᠡᠷᠭᠡ ᠠᠵᠢᠯ ᠤᠨ ᠲᠣᠭᠲᠠᠴᠠ ᠶᠢ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠣᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ 2023 ᠣᠨ ᠤ 65 ᠴᠢᠬᠤᠯᠠ ᠶᠡᠭᠡ ᠲᠦᠷᠦᠯ ᠵᠦᠢᠯ ᠤᠨ ᠭᠠᠷᠳᠠᠮ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠭᠦᠢᠴᠡᠳᠬᠡᠨ ᠲᠠᠭᠤᠰᠬᠠᠨ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠶᠡᠭᠡ ᠪᠠᠷ ᠲᠦᠷᠭᠡᠳᠬᠡᠬᠦ ᠶᠢ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠪᠠ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠦᠢᠯᠡᠴᠢᠯᠡᠭᠡᠨ ᠤ ᠠᠵᠤ ᠠᠬᠤᠶᠢᠯᠠᠯ ᠢ ᠶᠡᠬᠡᠪᠡᠷ ᠰᠤᠷᠪᠤᠯᠵᠢᠯᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨ᠎ᠡ ᠪᠠᠷ ᠠᠵᠢᠯ ᠡᠬᠢᠯᠡᠭᠦᠯᠦᠭᠰᠡᠨ 26 ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠲᠤᠬᠠᠢ ᠶᠢᠨ ᠵᠢᠯ ᠳᠤ ᠪᠦᠲᠦᠭᠡᠨ ᠪᠠᠶᠢᠭᠤᠯᠵᠤ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠣᠨ ᠪᠥᠬᠦ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ 61.9% ᠶᠢ ᠡᠵᠡᠯᠡᠪᠡ  ᠃ ᠵᠢᠯ ᠤᠨ ᠡᠴᠦᠰ ᠲᠤ 37 ᠲᠥᠷᠥᠯ ᠵᠦᠢᠯ ᠢ ᠳᠠᠭᠤᠰᠬᠠᠬᠤ ᠪᠠᠷ ᠲᠥᠯᠥᠪᠯᠡᠵᠦ ᠪᠣᠶ᠂ ᠡᠭᠦᠨ ᠳᠤ 27 ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ 20 ︵ᠰᠢᠨ᠎ᠡ ᠪᠠᠷ 11 ᠪᠠᠶᠢᠭᠤᠯᠵᠤ᠂ ᠦᠷᠭᠦᠯᠵᠢᠯᠡᠨ 9 ᠪᠠᠶᠢᠭᠤᠯᠤᠨ᠎ᠠ︶ ᠠᠰᠢᠭᠯᠠᠯᠲᠠ ᠳᠤ ᠣᠷᠣᠭᠤᠯᠵᠤ᠂ ᠠᠰᠢᠭᠯᠠᠯᠲᠠ ᠳᠤ ᠣᠷᠣᠭᠤᠯᠤᠭᠰᠠᠨ ᠨᠣᠷᠮ᠎ᠠ ᠶᠢ 74.1% ᠳᠤ ᠬᠦᠷᠦᠭᠦᠯᠦᠨ᠎ᠡ᠃    ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠴᠢᠨᠠᠷ ᠰᠠᠶᠢᠲᠠᠢ ᠬᠥᠭᠵᠢᠯᠲᠡ ᠶᠢᠨ ︽ᠰᠠᠭᠤᠷᠢ ᠴᠢᠯᠠᠭᠤ︾ ᠮᠥᠨ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠪᠠᠲᠤᠯᠠᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢᠨ ᠬᠠᠲᠠᠭᠤ ᠲᠤᠯᠭᠠᠭᠤᠷᠢᠯᠠᠯ ᠮᠥᠨ᠃ ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠷᠠᠯᠵᠢᠶᠠᠴᠢᠨ ᠤᠷᠢᠬᠤ ᠶᠢ ᠴᠢᠩᠭ᠎ᠠ ᠠᠳᠬᠤᠵᠤ᠂ ᠪᠦᠯᠦᠭᠯᠡᠯ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠪᠠᠷ ᠦᠢᠯᠡᠳᠦᠨ ᠣᠷᠣᠨ ᠢ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠬᠡᠯᠬᠢᠶ᠎ᠡ ᠶᠢ ᠬᠦᠴᠦᠷᠬᠡᠭᠵᠢᠭᠦᠯᠵᠦ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠨᠡᠬᠦ ᠡᠬᠢ ᠰᠤᠷᠪᠤᠯᠵᠢ ᠶᠢ ᠴᠢᠩᠭ᠎ᠠ ᠠᠳᠬᠤᠨ ᠠᠵᠤ ᠦᠢᠯᠡᠰ ᠤᠨ ᠰᠠᠭᠤᠷᠢ ᠪᠣᠯᠣᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ︽ᠬᠤᠶᠠᠷ ᠨᠡᠶᠢᠰᠯᠡᠯ︾ ᠪᠣᠯᠣᠨ ᠲᠠᠪᠤᠨ ᠶᠡᠭᠡ ᠳᠠᠶᠢᠯᠠᠯᠳᠤᠭᠠᠨ ᠤ ᠰᠢᠨ᠎ᠡ ᠠᠵᠤ ᠦᠢᠯᠡᠰ ᠤᠨ ᠪᠦᠯᠦᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠦᠷᠨᠢᠭᠦᠯᠦᠨ ᠲᠠᠶᠢᠴᠢᠯᠠᠨ ᠳᠠᠭᠠᠭᠤᠯᠬᠤ ᠦᠢᠯᠡᠳᠦᠯ ᠪᠦᠬᠦᠢ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠬᠦᠴᠦᠯᠡᠨ ᠣᠷᠣᠭᠤᠯᠠᠵᠠᠢ᠃    ᠡᠭᠦᠨ ᠤ ᠵᠡᠷᠭᠡᠪᠡᠷ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠳᠣᠳᠬᠠᠨ 2024 ᠣᠨ ᠳᠤ ᠬᠡᠷᠡᠭᠵᠢᠭᠦᠯᠬᠦ ᠪᠠᠷ ᠪᠠᠶᠢᠭ᠎ᠠ ᠴᠢᠬᠤᠯᠠ ᠶᠡᠭᠡ ᠲᠦᠷᠦᠯ ᠵᠦᠢᠯ ᠤᠨ ᠨᠥᠭᠡᠴᠡ ᠶᠢ ᠦᠷᠭᠦᠯᠵᠢᠯᠡᠨ ᠨᠡᠮᠡᠭᠳᠡᠭᠦᠯᠵᠦ᠂ ︽ᠬᠤᠶᠠᠷ ᠰᠢᠨ᠎ᠡ︾ ᠲᠦᠷᠦᠯ ᠵᠦᠢᠯ ᠢ ᠭᠦᠨᠵᠡᠭᠡᠢ ᠠᠭᠤᠳᠠᠯᠣᠨ ᠡᠷᠲᠡ ᠠᠴᠠ ᠲᠥᠰᠥᠪᠯᠡᠵᠦ᠂ ᠡᠷᠲᠡ ᠠᠴᠠ ᠭᠠᠷ ᠬᠦᠳᠡᠯᠦᠨ ᠡᠷᠲᠡ ᠠᠴᠠ ᠠᠵᠢᠯ ᠡᠬᠢᠯᠡᠭᠦᠯᠵᠦ᠂ ᠡᠷᠲᠡ ᠠᠴᠠ ᠬᠥᠮᠥᠷᠭᠡ ᠳᠤ ᠣᠷᠣᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠥᠭᠡᠴᠡ ᠬᠢᠵᠦ ᠦᠭᠪᠡ᠃    ᠠᠨ ᠲᠠᠢ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠤ ᠹᠧᠩ ᠳ᠋ᠦ᠋ ᠬᠤᠪᠣᠷ ᠰᠢᠷᠣᠢ ᠶᠢᠨ ᠡᠯᠧᠮᠧᠨ᠋ᠲ ᠤᠨ ᠥᠨᠳᠥᠷ ᠶᠡᠷᠦᠩᠬᠡᠶᠢᠯᠡᠭᠰᠡᠨ ᠴᠢᠨᠠᠷᠲᠠᠢ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ    ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠪᠠᠶᠢᠵᠤ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠨᠢ 667 ᠲᠦᠮᠡᠨ ᠲᠥᠭᠦᠷᠢᠭ ᠪᠣᠯᠣᠨ᠎ᠠ᠃ ᠭᠤᠣᠯᠳᠠᠭᠤ 1500 ᠲᠣᠨ ᠡᠯᠪᠡᠭ ᠪᠠᠶᠠᠯᠢᠭ ᠬᠤᠪᠣᠷ ᠰᠢᠷᠣᠢ ᠶᠢᠨ ᠡᠯᠧᠮᠧᠨ᠋ᠲ ᠤᠨ ᠥᠨᠳᠥᠷ ᠶᠡᠷᠦᠩᠬᠡᠶᠢᠯᠡᠭᠰᠡᠨ ᠴᠢᠨᠠᠷᠲᠠᠢ ᠡᠨᠧᠷᠭᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ᠂ ᠦᠢᠯᠡᠳᠪᠦᠷᠢ ᠶᠢᠨ ᠭᠡᠷ ᠪᠠᠶᠢᠰᠢᠩ ᠵᠢᠴᠢ ᠠᠯᠪᠠᠨ ᠠᠰᠠᠷ ᠵᠡᠷᠭᠡ ᠨᠡᠶᠢᠲᠡ ᠶᠢᠨ ᠪᠠ ᠲᠤᠰᠠᠯᠠᠬᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠲᠤᠰ ᠵᠢᠯ ᠳᠤ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠤᠰ ᠲᠦᠷᠦᠯ ᠵᠦᠢᠯ ᠨᠢ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ 60 ᠭᠠᠷᠤᠢ ᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠳᠤ ᠲᠦᠰᠢᠭᠯᠡᠵᠦ᠂ ᠯᠢ ᠸᠧᠢ ᠠᠺᠠᠳᠧᠮᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢᠶᠠᠨ ᠳᠠᠭᠠᠭᠤᠯᠤᠨ ᠥᠨᠳᠥᠷ ᠰᠣᠷᠢᠨᠵᠢᠨ ᠡᠨᠧᠷᠭᠢ ᠶᠢᠨ ᠬᠤᠷᠠᠮᠳᠤᠯ᠂ ᠥᠨᠳᠥᠷ ᠪᠤᠷᠤᠩᠬᠤᠢ ᠬᠦᠴᠦ᠂ ᠥᠨᠳᠥᠷ ᠯᠠᠨᠲ᠋ᠠᠨ ᠼᠧᠷᠢ ᠨᠡᠮᠡᠬᠦ ᠬᠡᠮᠵᠢᠶ᠎ᠡ ᠲᠠᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠬᠦ ᠮᠡᠷᠭᠡᠵᠢᠯ ᠢ ᠰᠤᠳᠤᠯᠤᠨ ᠪᠦᠲᠦᠭᠡᠭᠡᠳ ᠪᠦᠬᠦ ᠪᠥᠮᠪᠥᠷᠴᠡᠭ ᠤᠨ ᠲᠡᠷᠢᠭᠦᠨ ᠤ ᠲᠦᠪᠰᠢᠨ ᠳᠤ ᠬᠦᠷᠴᠡᠢ᠃ ᠲᠦᠷᠦᠯ ᠵᠦᠢᠯ ᠨᠢ ᠬᠤᠪᠣᠷ ᠰᠢᠷᠣᠢ ᠶᠢᠨ ᠡᠯᠧᠮᠧᠨ᠋ᠲ ᠢ ᠶᠡᠷᠦᠩᠬᠡᠶᠢᠯᠡᠨ ᠲᠡᠩᠴᠡᠭᠦᠷᠢᠲᠡᠢ ᠠᠰᠢᠭᠯᠠᠬᠤ ᠶᠢ ᠠᠬᠢᠭᠤᠯᠵᠤ ᠂ ᠣᠶᠤᠨᠴᠢ ᠦᠢᠯᠡᠳᠬᠡᠯ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠬᠡᠯᠪᠡᠷᠢ ᠶᠢᠨ ᠠᠵᠤ ᠦᠢᠯᠡᠰ ᠲᠤ ᠵᠠᠩᠭᠢᠯᠠᠭ᠎ᠠ ᠶᠢᠨ ᠮᠠᠲ᠋ᠧᠷᠢᠶᠠᠯ ᠪᠣᠯᠣᠨ ᠲᠤᠨᠤᠭ ᠰᠡᠯᠪᠢᠭᠡᠰᠦ ᠬᠠᠩᠭᠠᠪᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠲᠡᠭ 11.25 ᠳ᠋ᠦᠩᠰᠢᠭᠤᠷ ᠲᠥᠭᠦᠷᠢᠭ ᠲᠤ ᠬᠦᠷᠴᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠨᠢ ᠮᠦ ᠪᠦᠷᠢ ᠳᠤ 2390 ᠲᠦᠮᠡᠨ ᠲᠥᠭᠦᠷᠢᠭ᠂ ᠭᠠᠶᠢᠯᠢ ᠶᠢᠨ ᠮᠥᠩᠭᠦ ᠨᠢ 2700 ᠲᠦᠮᠡᠨ ᠲᠥᠭᠦᠷᠢᠭ ᠲᠤ ᠬᠦᠷᠴᠠᠢ᠃    ᠲᠦᠷᠦᠯ ᠵᠦᠢᠯ ᠢ 2023 ᠣᠨ ᠤ 3 ᠰᠠᠷ᠎ᠠ ᠳᠤ ᠡᠬᠢᠯᠡᠨ ᠪᠠᠶᠢᠭᠤᠯᠵᠤ᠂ ᠶᠠᠭ ᠰᠠᠶᠢᠬᠠᠨ ᠦᠢᠯᠡᠳᠪᠦᠷᠢ ᠶᠢᠨ ᠭᠡᠷ ᠪᠠᠶᠢᠰᠢᠩ ᠵᠢᠴᠢ ᠨᠡᠶᠢᠲᠡ ᠶᠢᠨ ᠪᠠ ᠲᠤᠰᠠᠯᠠᠬᠤ ᠲᠥᠬᠦᠭᠡᠷᠦᠮᠵᠢ ᠶᠢ ᠵᠠᠰᠠᠨ ᠴᠢᠮᠡᠭᠯᠡᠵᠦ᠂ ᠦᠢᠯᠡᠳᠪᠦᠷᠢᠯᠡᠯ ᠤᠨ ᠲᠥᠬᠦᠭᠡᠷᠦᠮᠵᠢ ᠶᠢ ᠨᠢᠭᠡᠨᠲᠡ ᠬᠤᠳᠠᠯᠳᠤᠨ ᠠᠪᠴᠤ ᠳᠠᠭᠤᠰᠬᠠᠭᠰᠠᠨ ᠪᠥᠭᠡᠳ ᠨᠢᠭᠡ ᠬᠡᠰᠡᠭ ᠢ ᠨᠢ ᠠᠰᠢᠭᠯᠠᠯᠲᠠ ᠳᠤ ᠣᠷᠣᠭᠤᠯᠪᠠ᠃ ᠲᠦᠷᠦᠯ ᠵᠦᠢᠯ ᠤᠨ ᠪᠦᠬᠦᠯᠢ ᠴᠣᠭᠴᠠ ᠶᠢᠨ ᠠᠬᠢᠴᠠ ᠶᠢ ᠪᠠᠷᠤᠭ 60% ᠠᠴᠠ ᠳᠡᠭᠡᠭᠰᠢ ᠪᠡᠶᠡᠯᠡᠭᠦᠯᠵᠦ᠂ ᠵᠢᠱᠢᠯᠲᠡ ᠪᠠᠷ 2023 ᠣᠨ ᠤ ᠰᠡᠭᠦᠯᠴᠢ ᠪᠠᠷ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠪᠣᠯᠣᠨ᠎ᠠ᠃   ᠪᠤᠭᠤᠲᠤ ᠶᠢᠨ ᠺᠧ ᠲᠢᠶᠠᠨ ᠰᠣᠷᠢᠨᠵᠢᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 4000 ᠲᠣᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠥᠨᠳᠥᠷ ᠴᠢᠳᠠᠯ ᠤᠨ ᠨᠢᠭᠲᠠᠴᠠ ᠲᠠᠢ ᠬᠥᠳᠡᠯᠭᠡᠭᠦᠷ ᠴᠠᠬᠢᠯᠭᠠᠨ ᠮᠠᠰᠢᠨ ᠳᠤ ᠬᠡᠷᠡᠭᠯᠡᠬᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠲᠥᠷᠥᠯ ᠵᠦᠢᠯ ᠦᠢᠯᠡᠳᠪᠦᠷᠢᠯᠡᠨ᠎ᠡ    ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 2.3 ᠳ᠋ᠦᠩᠰᠢᠭᠤᠷ ᠲᠥᠭᠦᠷᠢᠭ ᠲᠤ ᠬᠦᠷᠴᠦ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ 767 ᠲᠦᠮᠡᠨ ᠲᠥᠭᠦᠷᠢᠭ ᠲᠤ ᠬᠥᠷᠪᠡ᠃ ᠲᠥᠷᠥᠯ ᠵᠦᠢᠯ ᠢ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠦᠢᠯᠡᠳᠪᠦᠷᠢᠯᠡᠬᠦ ᠪᠠ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠰᠢᠨ᠎ᠡ ᠪᠠᠷ ᠨᠡᠮᠭᠳᠡᠭᠦᠯᠪᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ 4000 ᠲᠣᠨ ᠳᠡᠭᠡᠳᠦ ᠲᠠᠰ ᠤᠨ ᠥᠨᠳᠥᠷ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠵᠢᠴᠢ ᠲᠣᠨᠣᠭᠯᠠᠭᠠᠰᠤ ᠶᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢ ᠪᠣᠶ ᠪᠣᠯᠭᠠᠵᠤ᠂ ᠲᠣᠰ ᠵᠢᠯ ᠳᠤ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠺᠣᠮᠫᠠᠨᠢ ᠳᠤ ᠤᠯᠤᠰ ᠤᠨ ᠲᠤᠰᠬᠠᠢ ᠠᠰᠢᠭ ᠤᠨ ᠡᠷᠬᠡ 30 ᠭᠠᠷᠤᠢ ᠵᠦᠢᠯ ᠪᠠᠶᠢᠵᠤ᠂ ᠤᠯᠤᠰ ᠤᠨ ︽ᠭᠠᠯ ᠪᠠᠮᠪᠠᠷ ᠤᠨ ᠲᠥᠯᠥᠪᠯᠡᠭᠡ︾ ᠶᠢᠨ ᠵᠢᠱᠢᠶ᠎ᠡ ᠦᠵᠡᠭᠦᠯᠬᠦ ᠵᠦᠢᠯ ᠪᠣᠯᠣᠨ᠎ᠠ᠃ ᠭᠤᠣᠯ ᠡᠵᠡᠩᠨᠡᠯᠲᠡ ᠶᠢᠨ ᠦᠢᠯᠡᠳᠬᠦᠨ ᠳᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠬᠡᠳᠦ ᠥᠨᠳᠥᠷ ᠦᠯᠡᠳᠡᠭᠳᠡᠯ ᠰᠣᠷᠢᠨᠵᠢᠨ ᠠᠮᠠᠷᠬᠠᠨ ᠨᠡᠪᠴᠢᠯᠲᠡ ᠶᠢᠨ ᠰᠠᠭᠤᠷᠢ ᠮᠠᠲ᠋ᠧᠷᠢᠶᠠᠯ ᠢ ᠦᠢᠯᠡᠳᠬᠦ ᠮᠡᠷᠭᠡᠵᠢᠯ᠂ ᠥᠨᠳᠥᠷ ᠠᠰᠢᠭᠯᠠᠮᠵᠢᠲᠤ ᠲᠠᠯᠠᠰᠲᠤ ᠶᠢᠨ ᠨᠡᠪᠴᠢᠯᠲᠡ ᠶᠢᠨ ᠮᠡᠷᠭᠡᠵᠢᠯ ᠵᠢᠴᠢ ᠤᠶᠤᠯᠢᠭ ᠦᠢᠯᠡᠳᠬᠦ ᠬᠤᠷᠠᠮᠠᠯ ᠮᠡᠷᠭᠡᠵᠢᠯ ᠢ ᠬᠡᠷᠡᠭᠯᠡᠵᠦ᠂ ᠦᠢᠯᠡᠳᠬᠦᠨ ᠤ ᠮᠠᠲ᠋ᠧᠷᠢᠶᠠᠯ ᠪᠣᠯᠬᠤ ᠨᠤᠷᠮ᠎ᠠ ᠶᠢ ᠶᠡᠭᠡ ᠪᠠᠷ ᠲᠡᠭᠡᠭᠰᠢᠯᠡᠭᠦᠯᠦᠨ ᠰᠢᠨ᠎ᠡ ᠡᠨᠧᠷᠭᠢ ᠶᠢᠨ ᠮᠠᠰᠢᠨ ᠲᠡᠷᠭᠡ᠂ ᠠᠵᠤ ᠦᠢᠯᠡᠳᠪᠦᠷᠢ ᠶᠢᠨ ᠠᠦ᠋ᠲ᠋ᠣᠴᠢᠯᠠᠯᠲᠠ᠂ ᠡᠯᠧᠺᠲᠷᠣᠨ ᠲᠣᠨᠣᠭᠯᠠᠭᠠᠰᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠵᠡᠷᠭᠡ ᠬᠦᠷᠢᠶᠡᠨ ᠳᠤ ᠬᠡᠷᠡᠭᠯᠡᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠦᠢᠯᠡᠳᠬᠦᠨ ᠤ ᠪᠥᠬᠦ ᠥᠷᠲᠡᠭ 32 ᠳ᠋ᠦᠩᠰᠢᠭᠤᠷ ᠲᠥᠭᠦᠷᠢᠭ ᠲᠤ ᠬᠦᠷᠴᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ 2462 ᠲᠦᠮᠡᠨ ᠲᠥᠭᠦᠷᠢᠭ᠂ ᠭᠠᠶᠢᠯᠢ ᠶᠢᠨ ᠮᠥᠩᠭᠦ 1 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃    ᠲᠦᠷᠦᠯ ᠵᠦᠢᠯ ᠢ 2023 ᠣᠨ ᠤ 4 ᠰᠠᠷ᠎ᠠ ᠳᠤ ᠡᠬᠢᠯᠡᠭᠦᠯᠵᠦ᠂ ᠶᠠᠭ ᠰᠠᠶᠢᠬᠠᠨ ᠦᠢᠯᠡᠳᠪᠦᠷᠢ ᠶᠢᠨ ᠭᠡᠷ ᠪᠠᠶᠢᠰᠢᠩ ᠢ ᠵᠠᠰᠠᠵᠤ ᠴᠢᠮᠡᠭᠯᠡᠬᠦ ᠵᠢᠴᠢ ᠨᠡᠶᠢᠲᠡ ᠶᠢᠨ ᠪᠠ ᠲᠤᠰᠠᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠶᠢ ᠤᠭᠰᠠᠷᠠᠭᠤᠯᠤᠨ ᠲᠤᠷᠰᠢᠬᠤ ᠠᠵᠢᠯ ᠢ ᠬᠢᠵᠦ ᠪᠤᠢ᠂ ᠣᠳᠣᠬᠠᠨ ᠳᠤ ᠲᠦᠷᠦᠯ ᠵᠦᠢᠯ ᠤᠨ ᠪᠦᠬᠦᠯᠢ ᠴᠣᠭᠴᠠ ᠶᠢᠨ ᠠᠬᠢᠴᠠ ᠶᠢᠨ 70% ᠰᠢᠬᠠᠮ ᠢ ᠪᠡᠶᠡᠯᠡᠭᠦᠯᠵᠦ᠂ ᠵᠢᠱᠢᠯᠲᠡ ᠪᠠᠷ 2024 ᠣᠨ ᠤ 6 ᠰᠠᠷ᠎ᠠ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠪᠣᠯᠣᠨ᠎ᠠ᠃   ᠪᠤᠭᠤᠲᠤ ᠬᠤᠲᠠ ᠶᠢᠨ ᠬᠦᠶ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠭᠡᠳᠦ ᠴᠢᠳᠠᠪᠬᠢᠲᠤ ᠲᠡᠮᠦᠷ ᠪᠤᠷ ᠤᠨ ᠲᠦᠷᠭᠡᠨ ᠴᠠᠷᠴᠠᠯᠲᠠ ᠶᠢᠨ ᠨᠢᠮᠭᠡᠨ ᠪᠦᠰᠡ ᠵᠢᠴᠢ ᠰᠣᠷᠢᠨᠵᠢᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠲᠥᠷᠥᠯ ᠵᠦᠢᠯ    ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.1 ᠳ᠋ᠦᠩᠰᠢᠭᠤᠷ ᠲᠥᠭᠦᠷᠢᠭ ᠲᠤ ᠬᠦᠷᠴᠦ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ 550 ᠲᠦᠮᠡᠨ ᠲᠥᠭᠦᠷᠢᠭ ᠲᠤ ᠬᠥᠷᠪᠡ᠃ ᠵᠢᠯ ᠳᠤ 1500 ᠲᠣᠨ ᠲᠡᠮᠦᠷ ᠪᠤᠷ ᠤᠨ ᠲᠦᠷᠭᠡᠨ ᠴᠠᠷᠴᠠᠯᠲᠠ ᠶᠢᠨ ᠢᠯᠲᠠᠰᠤ ᠦᠢᠯᠡᠳᠪᠦᠷᠢᠯᠡᠬᠦ᠂ ᠵᠢᠯ ᠳᠤ 2500 ᠲᠣᠨ ᠲᠡᠮᠦᠷ ᠪᠤᠷ ᠤᠨ ᠰᠣᠷᠢᠨᠵᠢᠨ ᠮᠠᠲ᠋ᠧᠷᠢᠶᠠᠯ ᠢ ᠡᠳ᠋ᠰᠢᠭᠦᠯᠬᠦ ᠵᠢᠴᠢ ᠲᠡᠮᠦᠷ ᠪᠤᠷ ᠤᠨ ᠲᠠᠯᠠᠰᠲᠤ ᠶᠢ ᠥᠷᠭᠡᠳᠬᠡᠬᠦ ᠭᠤᠷᠪᠠᠨ ᠦᠢᠯᠡᠳᠪᠦᠷᠢᠯᠡᠯ ᠤᠨ ᠱᠤᠭᠤᠮ᠂ ᠶᠡᠷᠦᠩᠬᠡᠶᠢᠯᠡᠭᠰᠡᠨ ᠠᠯᠪᠠᠨ ᠠᠰᠠᠷ᠂ ᠦᠢᠯᠡᠳᠪᠦᠷᠢ ᠶᠢᠨ ᠲᠠᠰᠤᠭ ᠵᠡᠷᠭᠡ ᠨᠡᠶᠢᠲᠡ ᠶᠢᠨ ᠪᠠ ᠲᠤᠰᠠᠯᠠᠬᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠣᠰ ᠵᠢᠯ ᠳᠤ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠲᠦᠷᠦᠯ ᠵᠦᠢᠯ ᠨᠢ ᠦᠷᠭᠦᠯᠵᠢᠯᠡᠭᠰᠡᠨ ᠮᠠᠶ᠋ᠢᠭ ᠤᠨ ᠬᠤᠭᠤᠰᠤᠨ ᠢ ᠨᠥᠯᠥᠭᠡᠯᠡᠬᠦ ᠲᠥᠬᠦᠭᠡᠷᠦᠮᠵᠢ᠂ ᠲᠣᠣᠷ ᠢᠶᠠᠷ ᠬᠡᠪᠯᠡᠬᠦ ᠵᠡᠷᠭᠡ ᠰᠢᠨ᠎ᠡ ᠤᠷᠠᠯᠠᠯ ᠢ ᠬᠡᠷᠡᠭᠯᠡᠵᠦ᠂ ᠪᠣᠬᠢᠷᠲᠤᠯ ᠦᠭᠡᠢ ᠪᠣᠳᠠᠰ ᠪᠠ ᠦᠢᠯᠡᠳᠪᠦᠷᠢᠯᠡᠯ ᠤᠨ ᠤᠰᠤᠨ ᠤ ᠭᠠᠳᠠᠭᠰᠢᠯᠠᠭᠤᠯᠤᠯᠲᠠ ᠶᠢ ᠠᠬᠢᠭᠤᠯᠵᠤ᠂ ᠠᠵᠢᠯ ᠲᠦᠷᠦᠯ ᠤᠨ ᠳᠣᠲᠣᠷᠠᠬᠢ ᠤᠳᠤ ᠪᠠᠶᠢᠭ᠎ᠠ ᠤᠷᠠᠯᠠᠯ ᠤᠨ ᠲᠠᠰᠤᠯᠳᠠᠩᠭᠤᠢ ᠴᠢᠨᠠᠷᠲᠠᠢ ᠦᠢᠯᠡᠳᠪᠦᠷᠢᠯᠡᠯ ᠤᠨ ᠳᠤᠲᠠᠭᠤᠳᠠᠯ ᠢ ᠨᠥᠬᠦᠪᠦᠷᠢᠯᠡᠵᠡᠢ᠃ ᠭᠤᠣᠯ ᠡᠵᠡᠩᠨᠡᠯᠲᠡ ᠶᠢᠨ ᠦᠢᠯᠡᠳᠬᠦᠨ ᠨᠢ ᠬᠤᠷᠣᠭᠳᠠᠯ ᠤᠨ ᠴᠢᠨᠠᠷ ᠢᠶᠠᠷ ᠳᠣᠣᠷ᠎ᠠ᠂ ᠦᠢᠯᠡᠳᠬᠦᠨ ᠤ ᠬᠤᠷᠢᠶᠠᠯᠲᠠ ᠶᠢᠨ ᠨᠤᠷᠮ᠎ᠠ ᠪᠠᠷ ᠥᠨᠳᠥᠷ᠂ ᠦᠢᠯᠡᠳᠪᠦᠷᠢᠯᠡᠯ ᠤᠨ ᠦᠷ᠎ᠡ ᠠᠰᠢᠭ ᠢᠶᠠᠷ ᠥᠨᠳᠥᠷ ᠵᠡᠷᠭᠡ ᠣᠨᠴᠠᠯᠢᠭ ᠲᠠᠢ ᠪᠠᠶᠢᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠵᠡᠷᠭᠡ ᠠᠵᠢᠯ ᠲᠦᠷᠦᠯ ᠳᠤ ᠥᠷᠭᠡᠨ ᠢᠶᠠᠷ ᠬᠡᠷᠡᠭᠯᠡᠭᠳᠡᠵᠦ ᠪᠤᠢ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠳᠤ 4 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠰᠢᠨ᠎ᠡ ᠪᠠᠷ ᠨᠡᠮᠡᠭᠳᠡᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ 2000 ᠲᠦᠮᠡᠨ ᠲᠥᠭᠦᠷᠢᠭ ᠬᠦᠷᠴᠦ᠂ 4600 ᠲᠦᠮᠡᠨ ᠲᠥᠭᠦᠷᠢᠭ ᠤᠨ ᠭᠠᠶᠢᠯᠢ ᠲᠤᠰᠢᠶᠠᠨ᠎ᠠ᠃    ᠲᠥᠷᠥᠯ ᠵᠦᠢᠯ ᠢ 2023 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ ᠣᠳᠣᠬᠠᠨ ᠳᠤ ᠠᠯᠪᠠᠯᠠᠬᠤ ᠠᠰᠠᠷ ᠤᠨ ᠭᠤᠣᠯ ᠪᠠᠷᠢᠯᠭ᠎ᠠ ᠶᠢᠨ ᠣᠷᠣᠢ ᠶᠢ ᠨᠢᠭᠡᠨᠲᠡ ᠪᠢᠲᠡᠭᠦᠮᠵᠢᠯᠡᠵᠦ᠂ ᠣᠲᠣ ᠶᠠᠭ ᠬᠤᠶᠠᠳᠠᠭᠢ ᠤᠳᠠᠭᠠᠨ ᠤ ᠪᠦᠲᠦᠴᠡ ᠵᠢᠴᠢ ᠭᠠᠯ ᠤᠨᠲᠠᠷᠠᠭᠠᠬᠤ ᠪᠠᠷᠢᠯᠭ᠎ᠠ ᠶᠢᠨ ᠠᠵᠢᠯ ᠢ ᠬᠢᠵᠦ ᠪᠣᠶ  ᠦᠢᠯᠡᠳᠪᠦᠷᠢ ᠶᠢᠨ ᠪᠠᠶᠢᠰᠢᠩ ᠤᠨ ᠰᠠᠭᠤᠷᠢ ᠨᠢᠭᠡᠨᠲᠡ ᠳᠠᠭᠤᠰᠴᠤ᠂ ᠪᠣᠯᠣᠳ ᠪᠦᠲᠦᠴᠡ ᠶᠢᠨ ᠤᠭᠰᠠᠷᠠᠯᠲᠠ ᠶᠢᠨ ᠠᠵᠢᠯ ᠢ ᠶᠠᠭ ᠬᠢᠵᠦ ᠪᠠᠶᠢᠨ᠎ᠠ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ 70% ᠶᠢ ᠨᠢᠭᠡᠨᠲᠡ ᠪᠡᠶᠡᠯᠡᠭᠦᠯᠦᠨ ᠵᠢᠱᠢᠯᠲᠡ ᠪᠠᠷ 2024 ᠣᠨ ᠤ 6 ᠰᠠᠷ᠎ᠠ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号