ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/10/23
    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ︽ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠳᠠᠭᠠᠭᠠᠨ᠎ᠠ᠂ ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠨ᠎ᠠ︾ ︽ᠳᠡᠭᠡᠳᠦ ᠰᠢᠨ᠎ᠡ ᠮᠡᠷᠭᠡᠵᠢᠯ ᠤᠨ ᠬᠡᠷᠡᠭ ᠶᠠᠪᠤᠳᠠᠯ ᠢ ᠪᠠᠶᠠᠷᠲᠠᠢ ᠭᠦᠢᠴᠡᠳᠬᠡᠨ᠎ᠡ︾ ᠭᠡᠬᠦ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠭᠢᠯᠠᠶᠢᠲᠠᠯ᠎ᠠ ᠠᠷᠴᠢᠵᠤ᠂ ︽2022 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ︾ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠯᠭᠠᠷᠠᠭᠤᠯᠤᠯᠲᠠ ᠳᠤ ᠣᠷᠣᠯᠴᠠᠭᠰᠠᠨ ᠪᠥᠬᠦ ᠥᠪᠡᠷᠲᠡᠭᠡᠨ ᠵᠠᠰᠠᠬᠤ ᠣᠷᠣᠨ ᠤ 12 ᠨᠡᠭᠡᠭᠡᠯᠲᠡ ᠶᠢᠨ ᠣᠷᠣᠨ ︵ᠲᠤᠷᠰᠢᠯᠲᠠ ᠶᠢᠨ ᠣᠷᠣᠨ︶ ᠤᠨ ᠳᠤᠮᠳᠠ ᠢᠯᠡᠷᠡᠯ ᠲᠣᠪᠣᠶᠢᠮ᠎ᠠ ᠪᠠᠶᠢᠵᠤ᠂ ᠰᠢᠯᠭᠠᠷᠠᠭᠤᠯᠤᠯᠲᠠ ᠳᠤ ᠰᠢᠯᠭᠠᠷᠠᠭᠰᠠᠨ ᠴᠣᠷ ᠤᠨ ᠭᠠᠭᠴᠠ ᠨᠡᠭᠡᠭᠡᠯᠲᠡ ᠶᠢᠨ ᠣᠷᠣᠨ ᠪᠣᠯᠵᠤ᠂ ᠰᠢᠯᠭᠠᠷᠠᠭᠤᠯᠤᠯᠲᠠ ᠳᠤ ᠰᠢᠯᠭᠠᠷᠠᠭᠰᠠᠨ ᠰᠢᠯᠢᠳᠡᠭ ᠨᠡᠭᠡᠭᠡᠯᠲᠡ ᠶᠢᠨ ᠣᠷᠣᠨ ᠪᠣᠯᠵᠤ ᠂ ᠡᠵᠡᠩᠨᠡᠯᠲᠡ ᠶᠢᠨ ᠣᠷᠴᠢᠨ ᠲᠣᠭᠤᠷᠢᠨ ᠤ ᠲᠡᠷᠢᠭᠦᠨ ᠳᠤ ᠣᠷᠣᠬᠤ ᠶᠢ ᠪᠡᠶᠡᠯᠡᠭᠦᠯᠦᠨ᠎ᠡ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠶᠡᠭᠡ ᠪᠠᠷ ᠠᠳᠬᠤᠬᠤ︾ ᠪᠠ ︽ᠵᠠᠬ᠎ᠠ ᠳᠡᠯᠭᠡᠭᠦᠷ ᠤᠨ ᠭᠤᠣᠯ ᠴᠣᠭᠴᠠ ᠶᠢ ᠶᠡᠭᠡ ᠪᠠᠷ ᠠᠳᠬᠤᠬᠤ︾ ᠶᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠭᠤᠯᠬᠤ ᠶᠣᠰᠣᠲᠠᠢ ᠪᠣᠯ ᠵᠠᠪᠠᠯ ᠣᠷᠣᠭᠤᠯᠬᠤ︾ ᠶᠢ ᠠᠬᠢᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠤᠰᠬᠠᠢ ᠴᠣᠩᠬᠤ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠠᠶ᠋ᠢ ᠲᠥᠷᠥᠭᠰᠡᠨ ᠬᠡᠦᠬᠡᠳ᠂ ᠵᠡᠮᠳᠡᠭᠴᠦᠳ ᠢ ᠲᠡᠳᠬᠦᠨ ᠬᠦᠴᠢᠷᠳᠡᠯᠲᠡᠢ ᠶᠢ ᠲᠤᠰᠠᠯᠠᠬᠤ ᠵᠡᠷᠭᠡ ᠬᠦᠷᠢᠶᠡᠨ ᠳᠠᠬᠢ 135 ᠵᠦᠢᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ 9 ᠰᠠᠷ᠎ᠠ ᠶᠢᠨ ᠡᠴᠦᠰ ᠪᠣᠯᠲᠠᠯ᠎ᠠ ᠨᠡᠶᠢᠲᠡ 3000 ᠭᠠᠷᠤᠢ ᠤᠳᠠᠭ᠎ᠠ ᠦᠢᠯᠡᠴᠢᠯᠡᠪᠡ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ 135 ᠵᠦᠢᠯ ᠤᠨ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠦᠢᠯᠡᠴᠢᠯᠡᠭᠡᠨ ᠤ ᠵᠦᠢᠯᠡᠰ ᠵᠢᠴᠢ 148 ᠵᠦᠢᠯ ᠤᠨ ︽ᠪᠥᠬᠦ ᠬᠤᠲᠠ ᠶᠢᠨ ᠨᠡᠶᠢᠳᠡᠮ ᠰᠢᠢᠳᠪᠦᠷᠢᠯᠡᠬᠦ︾ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠭᠦᠢᠴᠡᠳᠬᠡᠬᠦ ᠶᠠᠪᠤᠴᠠ᠂ ᠭᠦᠢᠴᠡᠳᠬᠡᠬᠦ ᠴᠠᠭ ᠤᠨ ᠬᠢᠵᠠᠭᠠᠷ᠂ ᠭᠦᠢᠴᠡᠳᠬᠡᠬᠦ ᠠᠷᠭ᠎ᠠ ᠮᠠᠶ᠋ᠢᠭ ᠵᠢᠴᠢ ᠬᠠᠷᠢᠯᠴᠠᠬᠤ ᠤᠲᠠᠰᠤ ᠶᠢ ᠵᠦᠢᠯ ᠳᠠᠷᠠᠭᠠᠯᠠᠨ ᠡᠮᠬᠢᠯᠡᠨ ᠳᠢᠭᠯᠡᠪᠡ᠃ ᠰᠦᠯᠵᠢᠶᠡᠨ ᠠᠴᠠ ᠭᠠᠳᠠᠭᠤᠷᠬᠢ ᠴᠣᠩᠬᠤ ᠪᠠᠷ ᠳᠠᠮᠵᠢᠭᠤᠯᠤᠨ ᠣᠨᠳᠣᠣ ᠭᠠᠵᠠᠷ ᠲᠤ ᠭᠥᠯᠢᠶᠡᠨ ᠠᠪᠤᠭᠰᠠᠨ ᠮᠠᠲ᠋ᠧᠷᠢᠶᠠᠯ ᠢ ᠠᠯᠤᠰ   ᠠᠴᠠ ᠭᠥᠯᠢᠶᠡᠨ ᠠᠪᠴᠤ ᠰᠢᠢᠳᠪᠦᠷᠢᠯᠡᠬᠦ ᠪᠠ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠠᠯᠤᠰ   ᠠᠴᠠ ᠭᠦᠢᠴᠡᠳᠬᠡᠬᠦ ᠬᠤᠶᠠᠷ ᠵᠦᠢᠯ ᠤᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢᠶᠠᠷ ᠳᠠᠮᠵᠢᠭᠤᠯᠤᠨ᠂ 197 ᠤᠳᠠᠭᠠᠨ ᠤ ᠣᠨᠳᠣᠣ ᠭᠠᠵᠠᠷ ᠲᠤ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ︽ᠴᠡᠴᠡᠷᠡᠬᠦ ᠲᠠᠭᠤᠨ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠭᠤᠳ ᠨᠡᠪᠲᠡᠷᠡᠭᠦᠯᠭᠡ ᠶᠢ ᠨᠠᠪᠲᠠᠷᠡᠭᠦᠯᠵᠦ᠂ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︾ ᠤᠨ ᠬᠠᠷᠠᠭᠠᠨ ᠳᠠᠪᠲᠠᠮᠵᠢ ᠶᠢᠨ ᠲᠠᠩᠰᠠᠨ ᠨᠣᠮᠧᠷ ᠢ ᠭᠠᠷᠭᠠᠵᠤ᠂ ᠭᠦᠢᠴᠡᠳᠬᠡᠬᠦ ᠤᠳᠠᠭ᠎ᠠ ᠵᠢᠴᠢ ᠠᠩᠬᠠᠷᠬᠤ ᠬᠡᠮᠵᠢᠶ᠎ᠡ ᠪᠠᠷ ᠨᠡᠯᠢᠶᠡᠳ ᠥᠨᠳᠥᠷ ᠬᠦᠷᠢᠶ᠎ᠡ ᠶᠢ ᠰᠣᠩᠭᠤᠨ᠂ ᠵᠠᠰᠠᠭ ᠤᠨ ᠶᠠᠪᠤᠳᠠᠯ ᠤᠨ ᠠᠬᠤᠢ ᠪᠠᠶᠢᠳᠠᠯ᠂ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠩ ᠲᠣᠪᠴᠢ ᠠᠪᠰᠠᠷᠬᠠᠨ ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠨᠠᠩ ᠰᠢᠭᠤᠳ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠨᠠᠩ ᠴᠠᠭ ᠲᠤᠬᠠᠢ ᠳᠤᠨᠢ᠂ ᠵᠠᠰᠠᠭ ᠠᠷᠠᠳ ᠤᠨ ᠨᠡᠪᠲᠡᠷᠡᠯᠴᠡᠭᠡ ᠶᠢ ᠨᠠᠩ ᠲᠥᠬᠦᠮ ᠪᠣᠯᠭᠠᠬᠤ ᠶᠢ ᠠᠬᠢᠭᠤᠯᠤᠨ᠎ᠠ᠃ ᠣᠲᠣ ᠪᠣᠯᠲᠠᠯ᠎ᠠ᠂ ᠨᠡᠶᠢᠲᠡ 16 ᠤᠳᠠᠭ᠎ᠠ ᠰᠢᠭᠤᠳ ᠨᠠᠪᠲᠠᠷᠡᠭᠦᠯᠵᠦ᠂ ᠣᠯᠠᠨ ᠲᠦᠮᠡᠨ ᠳᠤ ᠰᠢᠭᠤᠳ ᠨᠡᠪᠲᠡᠷᠡᠭᠦᠯᠬᠦ ᠲᠠᠰᠤᠭ ᠤᠨ 2 ᠲᠦᠮᠡ ᠭᠠᠷᠤᠢ ᠠᠰᠠᠭᠤᠳᠠᠯ ᠢ ᠲᠠᠶᠢᠯᠪᠤᠷᠢᠯᠠᠨ ᠥᠭᠴᠦ᠂ ᠬᠤᠪᠢ ᠶᠢᠨ ᠵᠠᠬᠢᠳᠠᠯ ᠤᠨ ᠠᠰᠠᠭᠤᠳᠠᠯ ᠢ 100 ᠭᠠᠷᠤᠢ ᠰᠢᠢᠳᠪᠦᠷᠢᠯᠡᠵᠡᠢ᠃     ︽ᠵᠠᠰᠠᠭ ᠤᠨ ᠣᠷᠳᠣᠨ ᠠᠴᠠ ᠠᠵᠤ ᠠᠬᠤᠶᠢᠯᠠᠯ ᠢ ᠪᠠᠶᠢᠩᠭᠤ ᠬᠠᠷᠠᠭᠠᠯᠵᠠᠨ᠂ ᠠᠵᠤ ᠠᠬᠤᠶᠢᠯᠠᠯ ᠳᠤ ᠤᠴᠢᠷ ᠲᠠᠢ ᠪᠣᠯ ᠲᠣᠣᠷ᠎ᠠ ᠨᠢ ᠰᠢᠢᠳᠪᠦᠷᠢᠯᠡᠭᠦ︾᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠨᠢ ᠪᠠᠰᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠣᠰ ᠣᠷᠣᠨ ᠤ 3 ᠪᠠᠯᠭᠠᠰᠤ ︵ᠵᠡᠭᠡᠯᠢ ᠭᠤᠳᠤᠮᠵᠢ︶᠂ 28 ᠨᠡᠶᠢᠭᠡᠮ ᠣᠷᠣᠨ ︵ᠲᠣᠰᠬᠤᠨ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠢᠭ ᠲᠤ ︽ᠪᠠᠷᠢᠮᠵᠢᠶᠠᠵᠢᠭᠤᠯᠬᠤ᠂ ᠵᠢᠷᠤᠮᠵᠢᠭᠤᠯᠬᠤ ᠂ ᠳᠥᠭᠦᠮᠴᠢᠯᠡᠬᠦ︾ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ 13 ︽ᠬᠡᠪ ᠳᠠᠭᠤᠷᠢᠶᠠᠯ ᠬᠡᠯᠪᠡᠷᠢ︾᠂ 18 ︽ᠪᠠᠷᠢᠮᠵᠢᠶ᠎ᠠ ᠬᠡᠯᠪᠡᠷᠢ︾ ᠶᠢᠨ ᠦᠢᠯᠡᠴᠢᠯᠡᠭᠡᠨ ᠤ ᠥᠷᠲᠡᠭᠡ ᠴᠡᠭ ᠢ ᠰᠣᠩᠭᠤᠨ ᠭᠤᠣᠯᠳᠠᠯᠭ᠎ᠠ ᠲᠠᠢ ᠪᠠᠶᠢᠭᠤᠯᠵᠤ᠂ ᠣᠳᠣᠬᠠᠨ ᠳᠤ ᠨᠢᠭᠡᠨᠲᠡ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦᠨ ᠢ ᠪᠡᠶᠡᠯᠡᠭᠦᠯᠪᠡ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠴᠢᠬᠤᠯᠠ ᠶᠡᠭᠡ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠠᠶᠢᠭᠤᠯᠤᠨ ᠪᠦᠷᠢᠨᠰᠢᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠳᠤ ᠬᠠᠷᠢᠭᠤ ᠥᠭᠬᠦ ᠳᠦᠷᠢᠮ ᠢ ᠰᠢᠯᠢᠳᠡᠭᠵᠢᠭᠦᠯᠬᠦ ᠪᠠ ᠤᠳᠤᠷᠢᠳᠬᠤ ᠺᠠᠳ᠋ᠷ ᠲᠠᠢ ᠬᠤᠯᠪᠣᠭᠳᠠᠭᠤᠯᠤᠨ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠯᠴᠠᠬᠤ ᠳᠦᠷᠢᠮ ᠢ ᠨᠠᠶᠢᠳᠠᠪᠤᠷᠢᠵᠢᠭᠤᠯᠤᠨ᠂ ︽ᠳᠣᠲᠣᠨᠣ︾ ︽ᠠᠷᠢᠭᠤᠨ︾ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠤᠨ᠎ᠠ᠃    ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠨᠠᠮ ᠤᠨ ᠪᠠᠶᠢᠭᠤᠯᠤᠯᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ· ᠱᠦᠵᠢ ᠶᠢᠨ ᠵᠠᠮᠴᠢᠯᠠᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ︽ᠳᠡᠰ ᠳᠡᠪᠰᠢᠬᠦ︾ ᠶᠢ ᠡᠭᠦᠳᠴᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ︽ᠰᠢᠯᠢᠳᠡᠭ︾᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠬᠦᠴᠦᠷᠬᠡᠭ︾ ᠢᠶᠠᠷ ᠠᠵᠤ ᠠᠬᠤᠢ ᠶᠢᠨ ᠬᠥᠭᠵᠢᠯᠲᠡ ᠶᠢᠨ ︽ᠤᠷᠤᠭᠰᠢᠯᠠᠯᠲᠠ︾ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号