ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠰᠣᠳᠣᠨ ᠪᠦᠲᠦᠭᠡᠭᠳᠡᠬᠦᠨ ᠢ ᠪᠣᠶ ᠪᠤᠯᠭᠠᠨ᠎ᠠ
ᠨᠡᠶᠢᠲᠡᠯᠡᠭᠰᠡᠨ ᠴᠠᠭ᠄
2023/10/7
   ᠣᠶᠢᠷ᠎ᠠ ᠶᠢᠨ ᠵᠢᠯ ᠠᠴᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠲᠦᠷᠦᠯ ᠵᠦᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ᠂ ᠬᠢᠨᠠᠨ ᠪᠠᠶᠢᠴᠠᠭᠠᠬᠤ ᠠᠴᠠ ᠡᠮᠦᠨᠡᠬᠢ ᠪᠠᠶᠢᠴᠠᠭᠠᠯᠲᠠ ᠪᠠ ᠬᠢᠨᠠᠨ ᠪᠠᠶᠢᠴᠠᠭᠠᠭᠰᠠᠨ ᠤ ᠳᠠᠷᠠᠭᠠᠬᠢ ᠴᠡᠭᠴᠡᠯᠡᠨ ᠰᠠᠶᠢᠵᠢᠷᠠᠭᠤᠯᠤᠯᠲᠠ ᠶᠢ ᠴᠢᠩᠭᠠᠳᠬᠠᠬᠤ᠂ ᠬᠢᠨᠠᠨ ᠪᠣᠳᠣᠯᠲᠠ ᠶᠢᠨ ᠦᠷ᠎ᠡ ᠪᠦᠲᠦᠭᠡᠯ ᠢ ᠪᠣᠯᠪᠠᠰᠤᠷᠠᠭᠤᠯᠬᠤ ᠵᠡᠷᠭᠡ ᠲᠠᠯ᠎ᠠ ᠠᠴᠠ ᠭᠠᠷᠳᠠᠵᠤ᠂ ᠰᠤᠳᠤᠯᠭᠠᠨ ᠤ ᠠᠵᠢᠯ ᠢ ᠬᠢᠨᠠᠨ ᠪᠤᠳᠤᠬᠤ ᠠᠵᠢᠯ ᠳᠤ ᠢᠮᠠᠭᠲᠠ ᠲᠣᠭᠤᠰᠢᠯᠠᠭᠤᠯᠣᠨ ᠬᠢᠨᠠᠨ ᠪᠤᠳᠤᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ 2016 ᠣᠨ ᠠᠴᠠ ᠨᠠᠰᠢ ᠨᠠᠢᠮᠠᠨ ᠵᠢᠯ ᠳᠠᠷᠠᠭᠠᠯᠠᠨ ᠬᠤᠳᠠ ᠶᠢᠨ ᠲᠡᠰ ᠤᠨ ᠰᠢᠯᠢᠳᠡᠭ ᠬᠢᠨᠠᠨ ᠪᠤᠳᠤᠬᠤ ᠲᠦᠷᠦᠯ ᠵᠦᠢᠯ ᠢ ᠣᠯᠣᠭᠰᠠᠨ ᠪᠠᠶᠢᠨ᠎ᠠ᠃     ᠬᠢᠨᠠᠬᠤ ᠠᠴᠠ ᠡᠮᠦᠨᠡᠬᠢ ︽ᠠᠷᠭ᠎ᠠ ᠤᠬᠠᠭᠠᠨ ᠰᠦᠪᠡᠭᠴᠢᠯᠡᠬᠦ ᠠᠵᠢᠯ︾᠎ ᠢ ᠰᠠᠶᠢᠲᠤᠷ ᠬᠢᠪᠡ᠃ ᠬᠢᠨᠠᠨ ᠪᠤᠳᠤᠬᠤ ᠡᠲᠡᠭᠡᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠰᠠᠯᠠᠭ᠎ᠠ ᠮᠥᠴᠢᠷ ᠤᠨ ᠲᠥᠯᠦᠪᠵᠢᠭᠦᠯᠭᠡ᠂ ᠲᠥᠷᠥᠯ ᠵᠦᠢᠯ ᠤᠨ ᠲᠥᠯᠥᠪᠯᠡᠭᠡ ᠵᠡᠷᠭᠡ ᠠᠭᠤᠯᠭ᠎ᠠ ᠶᠢ ᠨᠠᠷᠢᠨ ᠰᠣᠳᠣᠯᠪᠠ᠃ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠲᠠᠢ ᠤᠶᠠᠯᠳᠤᠭᠤᠯᠤᠨ᠂ ᠡᠮᠦᠨᠡᠬᠢ ᠬᠤᠭᠤᠴᠠᠭᠠᠨ ᠳᠤ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ ᠵᠢᠴᠢ ᠥᠩᠭᠡᠷᠡᠭᠰᠡᠨ ᠵᠢᠯ ᠤᠳ ᠤᠨ ᠬᠢᠨᠠᠨ ᠪᠤᠳᠤᠭᠰᠠᠨ ᠦᠷ᠎ᠡ ᠪᠦᠲᠦᠭᠡᠯ ᠢ ᠭᠦᠨᠵᠡᠭᠡᠢ ᠪᠠᠶᠢᠴᠠᠭᠠᠨ ᠣᠶᠢᠯᠠᠭᠠᠭᠰᠠᠨ ᠰᠠᠭᠤᠷᠢᠨ ᠳᠡᠭᠡᠷ᠎ᠡ᠂ ᠬᠢᠨᠠᠨ ᠪᠤᠳᠤᠬᠤ ᠬᠠᠷᠠᠯᠲᠠ ᠪᠠ ᠭᠤᠣᠯᠳᠠᠯᠭ᠎ᠠ ᠶᠢ ᠲᠣᠳᠣᠷᠬᠠᠶᠢᠯᠠᠪᠠ᠃    ᠬᠢᠨᠠᠨ ᠪᠣᠳᠣᠯᠲᠠ ᠶᠢᠨ ᠠᠰᠠᠭᠤᠳᠠᠯ ᠢ ︽ᠭᠦᠨᠵᠡᠭᠡᠢ ᠪᠣᠯᠪᠠᠰᠤᠷᠠᠭᠤᠯᠬᠤ︾ ᠠᠵᠢᠯ ᠢ ᠬᠢᠪᠠ᠃  ︽ᠪᠡᠯᠡ ᠮᠥᠩᠭᠦ ︱ ᠲᠥᠷᠥᠯ ᠵᠦᠢᠯ ︱ ᠲᠥᠷᠥ ᠶᠢᠨ ᠪᠣᠳᠣᠯᠭ᠎ᠠ ︱ ᠤᠯᠤᠰ ᠲᠥᠷᠥ︾ ᠭᠡᠬᠦ ᠱᠤᠭᠤᠮ ᠳᠠᠭᠠᠤ ᠶᠠᠭᠤ ᠶᠢ ᠬᠢᠨᠠᠨ ᠪᠠᠶᠢᠴᠠᠭᠠᠬᠤ᠂ ᠭᠤᠣᠯᠳᠠᠯᠭ᠎ᠠ ᠪᠠᠨ ᠬᠠᠮᠢᠭ᠎ᠠ ᠲᠠᠯᠪᠢᠬᠤ᠂ ᠬᠠᠮᠢᠭ᠎ᠠ ᠠᠴᠠ ᠭᠠᠷᠳᠠᠵᠤ ᠬᠢᠬᠦ ᠶᠢ ᠲᠣᠳᠣᠷᠬᠠᠶᠢᠯᠠᠵᠤ᠂ ᠬᠠᠮᠤᠭ ᠡᠴᠦᠰ ᠲᠤ ᠪᠣᠯᠪᠠᠰᠤᠷᠠᠭᠤᠯᠤᠨ ᠳ᠋ᠦᠩᠨᠡᠵᠦ᠂ ᠲᠥᠷᠥᠯ ᠬᠤᠪᠢᠶᠠᠨ ᠬᠤᠷᠢᠶᠠᠩᠭᠤᠶᠢᠯᠠᠵᠤ ᠂ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠤᠨ᠎ᠠ᠂ ᠢᠯᠠᠩᠭᠤᠶ᠎ᠠ ᠰᠢᠭᠦᠨ ᠰᠢᠢᠳᠪᠦᠷᠢᠯᠡᠭᠰᠡᠨ ᠰᠠᠨᠠᠯ ᠵᠢᠴᠢ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠰᠤᠳᠤᠯᠵᠤ᠂ ᠠᠰᠠᠭᠤᠳᠠᠯ ᠤᠨ ᠡᠭᠦᠰᠦᠭᠰᠡᠨ ᠭᠦᠨ ᠲᠠᠰ ᠳᠠᠪᠬᠤᠷᠭ᠎ᠠ ᠶᠢᠨ ᠰᠢᠯᠲᠠᠭᠠᠨ ᠢ ᠵᠠᠳᠠᠯᠵᠤ᠂ ᠦᠵᠡᠭᠳᠡᠯ ᠢᠶᠠᠷ ᠳᠡᠮᠵᠢᠨ ᠮᠥᠨ ᠴᠢᠨᠠᠷ ᠢ ᠨᠢ ᠦᠵᠡᠵᠦ᠂ ᠰᠢᠨᠵᠢᠯᠡᠬᠦ ᠤᠬᠠᠭᠠᠨᠴᠢ᠂ ᠬᠡᠷᠡᠭᠵᠢᠭᠦᠯᠵᠦ ᠪᠣᠯᠬᠤᠶᠢᠴᠠ ᠬᠢᠨᠠᠨ ᠪᠣᠳᠣᠯᠲᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ᠃     ︽ᠬᠢᠨᠠᠨ ᠪᠣᠳᠣᠯᠲᠠ ᠪᠠᠷ ᠴᠡᠭᠴᠡᠯᠡᠨ ᠥᠭᠡᠷᠡᠴᠢᠯᠡᠭᠰᠡᠨ ᠤ ᠳᠠᠷᠠᠭᠠᠬᠢ ᠬᠠᠭᠠᠰ ᠠᠵᠢᠯ︾᠎ ᠢ ᠴᠢᠬᠤᠯᠠᠴᠢᠯᠠᠪᠠ᠃ ︽ᠡᠪᠡᠳᠴᠢᠲᠡᠨ︾᠎ ᠤ ᠬᠠᠮᠵᠢᠯᠴᠠᠭᠰᠠᠨ ᠬᠡᠮᠵᠢᠶ᠎ᠡ᠂ ᠥᠭᠡᠷ᠎ᠡ ᠪᠠᠷ ᠬᠡᠯᠡᠪᠡᠯ ᠬᠢᠨᠠᠨ ᠪᠣᠳᠣᠯᠲᠠ ᠬᠢᠯᠭᠡᠬᠦ ᠡᠲᠡᠭᠡᠳ ᠤᠨ ᠬᠦᠨᠳᠦᠳᠬᠡᠭᠰᠡᠨ ᠬᠡᠮᠵᠢᠶ᠎ᠡ ᠶᠢ ᠦᠵᠡᠵᠦ᠂ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠮᠥᠷᠳᠡᠨ ᠰᠢᠪᠠᠳᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠪᠦᠷᠢᠮᠦᠰᠦᠨ ᠴᠡᠭᠴᠡᠯᠡᠨ ᠰᠠᠶᠢᠵᠢᠷᠠᠭᠤᠯᠤᠭᠰᠠᠨ ᠦᠭᠡᠢ ᠵᠦᠢᠯᠡᠰ ᠢ ᠰᠤᠳᠤᠯᠤᠨ ᠵᠠᠳᠠᠯᠵᠤ᠂ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠤᠯᠠᠮ ᠨᠢᠭᠡ ᠠᠯᠬᠤᠮ ᠲᠣᠷᠠᠳᠪᠠ ᠃ ᠰᠢᠰᠲ᠋ᠧᠮ᠂ ᠲᠣᠭᠲᠠᠴᠠ ᠶᠢᠨ ᠬᠦᠴᠦᠨ ᠵᠦᠢᠯ ᠠᠴᠠ ᠪᠣᠯᠵᠤ ᠴᠡᠭᠴᠡᠯᠡᠨ ᠰᠠᠶᠢᠵᠢᠷᠠᠭᠤᠯᠬᠤ ᠪᠠᠷ ᠬᠦᠴᠦᠨ ᠦᠭᠡᠢ ᠪᠣᠯᠤᠭᠰᠠᠨ ᠠᠰᠠᠭᠤᠳᠠᠯ ᠢ ᠭᠦᠨᠵᠡᠭᠡᠢ ᠰᠤᠳᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠳᠣᠯᠠᠪᠠ᠃      ᠬᠢᠨᠠᠨ ᠪᠤᠳᠤᠬᠤ ᠶᠠᠰᠤ ᠴᠢᠨᠠᠷ ᠤᠨ ᠦᠵᠡᠯ ᠤᠬᠠᠮᠰᠠᠷ ᠪᠠ ᠰᠣᠳᠣᠨ ᠪᠦᠲᠦᠭᠡᠯ ᠤᠨ ᠦᠵᠡᠯ ᠤᠬᠠᠮᠰᠠᠷ ᠢ ᠪᠣᠶ ᠪᠣᠯᠭᠠᠵᠤ᠂ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠰᠢᠯᠢᠳᠡᠭ ᠬᠢᠨᠠᠨ ᠪᠤᠳᠤᠬᠤ ᠲᠥᠷᠥᠯ ᠵᠦᠢᠯ ᠤᠨ ᠪᠠᠷᠢᠮᠵᠢᠶ᠎ᠠ ᠲᠠᠢ ᠬᠠᠷᠢᠴᠠᠭᠤᠯᠤᠨ᠂ ᠬᠢᠨᠠᠨ ᠪᠤᠳᠤᠬᠤ ᠶᠠᠰᠤ ᠴᠢᠨᠠᠷ ᠢ ᠡᠵᠡᠮᠳᠡᠬᠦ ᠪᠠ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠠᠩ ᠣᠯᠠᠨ ᠬᠢᠨᠠᠨ ᠪᠤᠳᠤᠬᠤ ᠰᠣᠳᠣᠨ ᠪᠦᠲᠦᠭᠡᠯ ᠢ ᠡᠭᠦᠳᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号