ᠣᠶᠢᠷ᠎ᠠ ᠶᠢᠨ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ | ᠬᠤᠷᠢᠶ᠎ᠠ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠭᠡᠬᠦ ᠭᠤᠣᠯ ᠰᠡᠳᠦᠪ ᠤᠨ ᠲᠣᠭᠤᠷᠢᠨ ᠳᠤ᠂ ᠲᠣᠮᠣ | ᠳ᠋ᠠᠶᠢᠲ᠋ᠠ ᠶᠢᠨ ᠴᠠᠭ ᠦᠶ᠎ᠡ ᠶᠢᠨ ᠤᠷᠤᠰᠬᠠᠯ ᠢ ᠢᠳᠡᠪᠬᠢᠲᠡᠢ ᠳᠠᠭᠠᠵᠤ᠂ ᠪᠠᠶᠢᠴᠠᠭᠠᠬᠤ ᠲᠤᠬᠠᠶᠢᠯᠠᠭᠰᠠᠨ ᠠᠵᠢᠯ ᠢ | ᠵᠠᠳᠠᠯᠵᠤ ᠰᠤᠳᠤᠯᠤᠨ ᠮᠠᠭᠠᠳᠯᠠᠬᠤ ᠶᠢ ᠬᠡᠷᠡᠭ ᠢ ᠶᠡᠷᠦᠩᠬᠡᠶᠢᠯᠡᠨ ᠬᠠᠮᠢᠶᠠᠷᠬᠤ ᠠᠵᠢᠯ ᠤᠨ ᠶᠡᠷᠦᠩᠬᠡᠢ ᠭᠠᠷᠳᠠᠴᠠ | ᠪᠣᠯᠭᠠᠵᠤ᠂ ᠪᠠᠶᠢᠴᠠᠭᠠᠬᠤ ᠲᠣᠮᠣ ᠳ᠋ᠠᠶᠢᠲ᠋ᠠ ᠳᠤ ᠢᠳᠡᠪᠬᠢᠲᠡᠢ ᠲᠦᠰᠢᠭᠯᠡᠨ᠂ ᠲᠤᠬᠠᠶᠢᠯᠠᠭᠰᠠᠨ ᠠᠵᠢᠯ ᠤᠨ ᠲᠤᠭ᠎ᠠ | ᠪᠠᠷᠢᠮᠲᠠ ᠶᠢᠨ ᠡᠬᠢ ᠡᠭᠦᠰᠦᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮᠵᠢᠯᠲᠡ ᠶᠢ ᠲᠦᠯᠬᠢᠨ ᠠᠬᠢᠭᠤᠯᠵᠤ᠂ | ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠪᠠᠶᠢᠩᠭᠤ ᠶᠢᠨ ᠠᠵᠢᠯ ᠢ | ᠦᠷᠨᠢᠭᠦᠯᠦᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠪᠠᠷ ᠪᠠᠶᠢᠴᠠᠭᠠᠬᠤ ᠠᠵᠢᠯ ᠢ ᠬᠥᠲᠥᠯᠥᠨ ᠳᠠᠭᠠᠭᠤᠯᠬᠤ ︽ | ᠰᠠᠯᠬᠢᠨ ᠤ ᠵᠦᠭᠯᠡᠭᠦᠷ︾ ︽ᠵᠢᠯᠤᠭᠤᠳᠬᠤ ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠠᠷ ᠴᠢᠳᠠᠮᠠᠭᠠᠢ | ᠦᠢᠯᠡᠴᠢᠯᠡᠨ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠳᠤ ᠦᠢᠯᠡᠴᠢᠯᠡᠵᠦ᠂ ᠲᠤᠰ ᠬᠤᠷᠢᠶᠠᠨ ᠤ ᠪᠠᠶᠢᠴᠠᠭᠠᠬᠤ | ᠲᠤᠬᠠᠶᠢᠯᠠᠭᠰᠠᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠪᠦᠲᠦᠮᠵᠢᠲᠡᠶ ᠪᠠᠷ ᠲᠦᠯᠬᠢᠨ ᠠᠬᠢᠭᠤᠯᠪᠠ᠃ | ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠵᠠᠳᠠᠣᠯᠣᠯᠳᠠ ᠮᠠᠭᠠᠳᠯᠠᠯ | ᠨᠢᠭᠡ᠂ ᠲᠤᠭ᠎ᠠ ᠪᠠᠷᠢᠮᠲᠠ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠰᠠᠷ᠎ᠠ ᠶᠢᠨ ᠲᠤᠰᠬᠠᠢ ᠵᠦᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠡᠳᠡᠭᠡᠯᠡᠬᠦ ᠠᠵᠢᠯ ᠤᠨ ᠲᠣᠭᠲᠠᠴᠠ ᠶᠢ | ᠪᠠᠶᠢᠭᠤᠯᠪᠠ᠃ ᠡᠳᠦᠷ ᠲᠤᠲᠤᠮ ᠤᠨ ᠲᠤᠭ᠎ᠠ ᠪᠠᠷᠢᠮᠲᠠ ᠶᠢ ᠲᠠᠭᠯᠠᠨ ᠲᠡᠮᠳᠡᠭᠯᠡᠬᠦ ᠳᠤ ᠬᠡᠷᠡᠭ ᠤᠨ ᠺᠠᠷᠲ ᠢ | ᠲᠠᠭᠯᠠᠬᠤ ᠶᠢ ᠤᠳᠠᠭᠠᠰᠢᠷᠠᠭᠤᠯᠤᠨ ᠲᠠᠭᠯᠠᠭᠰᠠᠨ᠂ ᠪᠤᠷᠤᠭᠤ ᠲᠠᠭᠯᠠᠭᠰᠠᠨ᠂ ᠣᠷᠬᠢᠭᠳᠠᠭᠤᠯᠤᠭᠰᠠᠨ ᠵᠡᠷᠭᠡ | ᠠᠰᠠᠭᠤᠳᠠᠯ ᠢ ᠰᠢᠭᠰᠢᠨ ᠪᠠᠶᠢᠴᠠᠭᠠᠬᠤ ᠪᠠᠷ ᠳᠡᠮᠵᠢᠨ᠂ ᠰᠠᠷ᠎ᠠ ᠪᠦᠷᠢ ᠵᠠᠷᠯᠠᠨ ᠮᠡᠳᠡᠭᠳᠡᠬᠦ ᠬᠡᠯᠪᠡᠷᠢ ᠪᠠᠷ ᠢᠯᠡ ᠪᠣᠯᠭᠠᠵᠤ᠂ | ᠳᠠᠭᠠᠭᠠᠨ ᠰᠢᠢᠳᠪᠦᠷᠢᠯᠡᠬᠦ ᠪᠠᠶᠢᠴᠠᠭᠠᠬᠤ ᠲᠤᠰᠢᠶᠠᠯᠲᠠᠨ ᠢ ᠭᠡᠳᠡᠷᠭᠦ ᠰᠢᠬᠠᠮᠳᠠᠭᠤᠯᠵᠤ ᠪᠠᠶᠢᠭᠠᠳ ᠬᠡᠷᠡᠭ ᠤᠨ ᠺᠠᠷᠲ ᠢ | ᠵᠢᠷᠤᠮᠵᠢᠭᠤᠯᠤᠨ ᠲᠠᠭᠯᠠᠨ ᠲᠡᠮᠳᠡᠭᠯᠡᠬᠦ ᠶᠢ ᠴᠢᠬᠤᠯᠠᠴᠢᠯᠠᠭᠤᠯᠪᠠ᠃ ᠡᠨᠡ ᠵᠢᠯ ᠠᠴᠠ ᠨᠠᠰᠢ 97 ᠬᠡᠷᠡᠭ ᠤᠨ ᠺᠠᠷᠲ | ᠪᠤᠷᠤᠭᠤ᠂ ᠲᠠᠭᠯᠠᠭᠰᠠᠨ ᠦᠭᠡᠢ 97 ᠭᠠᠵᠠᠷ ᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠪᠠ᠃ | ᠬᠤᠶᠠᠷ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠶᠢ ᠴᠢᠬᠤᠯᠠᠴᠢᠯᠠᠵᠤ ᠲᠤᠭ᠎ᠠ ᠪᠠᠷᠢᠮᠲᠠ ᠶᠢᠨ | ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨᠬᠦ ᠪᠠᠳᠣᠯᠠᠪᠠ᠃ | ᠡᠳᠦᠷ ᠲᠤᠲᠤᠮ ᠤᠨ ᠬᠠᠷᠭᠤᠭᠤᠯᠤᠨ ᠪᠠᠶᠢᠴᠠᠭᠠᠬᠤ ᠪᠠ ᠲᠤᠰᠬᠠᠢ ᠵᠦᠢᠯ ᠢᠶᠠᠷ ᠪᠠᠶᠢᠴᠠᠭᠠᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠩᠭᠤᠵᠢᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ | ᠪᠠ ᠮᠡᠳᠡᠭᠡᠯᠡᠬᠦ ᠳᠦᠷᠢᠮ ᠢ ᠨᠠᠶᠢᠳᠠᠪᠦᠷᠢᠵᠢᠭᠤᠯᠪᠠ᠃ ᠡᠳᠦᠷ ᠪᠦᠷᠢ ︽ᠲᠤᠭ᠎ᠠ ᠪᠠᠷᠢᠮᠲᠠ ᠶᠢ ᠪᠠᠶᠢᠴᠠᠭᠠᠨ ᠨᠡᠪᠲᠡᠷᠡᠭᠦᠯᠬᠦ | ︾᠂ ᠬᠥᠮᠥᠨ ᠤ ᠬᠦᠴᠦ ᠪᠠᠷ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠭᠤᠣᠯᠳᠠᠯᠭ᠎ᠠ ᠲᠠᠢ | ᠲᠥᠷᠥᠯ ᠵᠦᠢᠯ ᠢ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ᠂ ᠰᠠᠷ᠎ᠠ ᠪᠦᠷᠢ ᠨᠢᠭᠡ ᠤᠳᠠᠭ᠎ᠠ ᠪᠦᠬᠦᠯᠢ ᠴᠣᠭᠴᠠ ᠪᠠᠷ | ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠵᠦ᠂ ᠬᠠᠷᠭᠤᠭᠤᠯᠤᠨ ᠪᠠᠶᠢᠴᠠᠭᠠᠬᠤ ᠶᠢ ᠨᠡᠶᠢᠳᠡᠮ ᠬᠡᠷᠡᠭᠵᠢᠭᠦᠯᠬᠦ ᠶᠢ | ᠪᠡᠶᠡᠯᠡᠭᠦᠯᠦᠨ᠎ᠡ᠃ ᠬᠡᠪ ᠤᠨ ᠪᠤᠰᠤ᠂ ᠬᠠᠷᠢᠯᠴᠠᠨ ᠲᠦᠯᠬᠢᠯᠴᠡᠭᠰᠡᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ | ᠰᠠᠨᠠᠭᠤᠯᠵᠤ᠂ ᠤᠷᠢᠳᠴᠢᠯᠠᠨ ᠰᠡᠷᠡᠮᠵᠢᠯᠡᠭᠦᠯᠵᠦ᠂ ᠲᠠᠭᠯᠠᠨ ᠲᠡᠮᠳᠡᠭᠯᠡᠭᠰᠡᠨ ᠨᠢ ᠵᠢᠷᠤᠮᠵᠢᠯ ᠦᠭᠡᠢ ᠬᠡᠷᠡᠭ ᠤᠨ | ᠺᠠᠷᠲ ᠤᠨ ᠮᠡᠳᠡᠭᠡ ᠵᠠᠩᠭᠢ ᠶᠢ ᠣᠯᠵᠤ ᠮᠡᠳᠡᠪᠡᠯ ᠴᠠᠭ ᠲᠤᠬᠠᠢ ᠳᠤᠨᠢ ᠵᠠᠰᠠᠵᠤ᠂ ᠲᠤᠭ᠎ᠠ ᠪᠠᠷᠢᠮᠲᠠ ᠶᠢ ᠭᠠᠳᠠᠭᠠᠳᠤ ᠳᠤ | ᠭᠠᠷᠭᠠᠬᠤ ᠪᠣᠭᠤᠮᠲᠠ ᠶᠢ ᠴᠢᠩᠭ᠎ᠠ ᠡᠵᠡᠮᠳᠡᠪᠠ᠃ | ᠭᠤᠷᠪᠠ᠂ ᠲᠤᠭ᠎ᠠ ᠪᠠᠷᠢᠮᠲᠠ ᠶᠢ ᠵᠠᠳᠠᠯᠵᠤ ᠰᠤᠳᠤᠯᠤᠨ ᠮᠠᠭᠠᠳᠯᠠᠬᠤ ᠪᠠᠷ ᠭᠠᠷᠳᠠᠴᠠ ᠪᠣᠯᠭᠠᠵᠤ ᠪᠠᠶᠢᠴᠠᠭᠠᠬᠤ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠰᠠᠷ᠎ᠠ ᠪᠦᠷᠢ᠂ ᠤᠯᠠᠷᠢᠯ ᠪᠦᠷᠢ ᠶᠢᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ | ᠮᠠᠭᠠᠳᠯᠠᠬᠤ ᠶᠢ ᠪᠠᠶᠢᠩᠭᠤᠵᠢᠭᠤᠯᠤᠨ ᠦᠷᠨᠢᠭᠦᠯᠪᠠ᠃ ᠬᠡᠷᠡᠭ ᠤᠨ ᠶᠠᠰᠤ ᠴᠢᠨᠠᠷ ᠤᠨ ᠭᠤᠣᠯ ᠦᠨᠡᠯᠡᠯᠲᠡ ᠶᠢᠨ | ᠭᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠠᠵᠢᠯ ᠤᠨ ᠪᠠᠶᠢᠳᠠᠯ ᠤᠨ ᠲᠣᠭᠤᠷᠢᠨ ᠳᠤ | ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠥᠷᠨᠢᠭᠦᠯᠪᠡ᠃ ᠲᠤᠭ᠎ᠠ ᠪᠠᠷᠢᠮᠲᠠ ᠶᠢ ᠬᠥᠨᠳᠡᠯᠡᠨ ᠢᠶᠠᠷ᠂ ᠭᠤᠯᠳᠤ | ᠴᠢᠭᠯᠡᠯ ᠢᠶᠠᠷ ᠬᠠᠷᠢᠴᠠᠭᠤᠯᠵᠤ᠂ ᠬᠡᠪ ᠤᠨ ᠪᠤᠰᠤ ᠲᠤᠭ᠎ᠠ ᠪᠠᠷᠢᠮᠲᠠ ᠳᠤ ᠭᠤᠣᠯᠳᠠᠯᠭ᠎ᠠ ᠲᠠᠢ ᠵᠠᠳᠠᠯᠤᠯᠲᠠ ᠬᠢᠨ | ᠪᠦᠬᠦ᠋ᠢᠯᠡ ᠴᠣᠭᠴᠠ ᠶᠢᠨ ᠪᠠᠶᠢᠴᠠᠭᠠᠬᠤ ᠠᠵᠢᠯ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠵᠤ᠂ | ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠵᠤ ᠰᠤᠳᠤᠯᠤᠨ ᠮᠠᠭᠠᠳᠯᠠᠬᠤ ᠶᠢᠨ ︽ᠦᠨ᠎ᠡ ᠴᠡᠨ᠎ᠡ︾ ᠶᠢ | ᠳᠡᠭᠡᠭᠰᠢᠯᠡᠭᠦᠯᠪᠡ᠃ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠵᠠᠳᠠᠯᠤᠨ | ᠰᠤᠳᠤᠯᠵᠤ ᠮᠠᠭᠠᠳᠯᠠᠬᠤ ᠵᠥᠪᠳᠡᠯᠴᠡᠬᠦ ᠬᠤᠷᠠᠯ ᠬᠤᠷᠠᠯᠳᠤᠭᠤᠯᠵᠤ᠂ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠤᠨ ᠭᠦᠢᠴᠡᠳᠬᠡᠯ ᠲᠤᠭ᠎ᠠ ᠶᠢᠨ ᠳᠤᠲᠠᠭᠤᠳᠠᠯ ᠪᠠᠭᠤᠷᠠᠢ ᠵᠦᠢᠯᠡᠰ ᠤᠨ | ᠰᠢᠯᠲᠠᠭᠠᠨ ᠤ ᠲᠤᠬᠠᠢ ᠵᠠᠳᠠᠯᠤᠯᠲᠠ ᠶᠢ ᠰᠣᠨᠣᠰᠴᠤ᠂ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠰᠤᠳᠤᠯᠤᠨ | ᠰᠢᠢᠳᠪᠦᠷᠢᠯᠡᠵᠦ᠂ ᠰᠢᠪᠲᠤᠯᠵᠤ ᠪᠣᠯᠬᠤ ᠪᠠ ᠳᠡᠭᠡᠭᠰᠢᠯᠡᠭᠦᠯᠵᠦ ᠪᠣᠯᠬᠤ ᠭᠦᠢᠴᠡᠳᠬᠡᠯ ᠲᠤᠭ᠎ᠠ ᠶᠢ ᠨᠢᠭᠲᠠ ᠠᠩᠬᠠᠷᠴᠤ᠂ | ᠭᠤᠣᠯᠳᠠᠯᠭ᠎ᠠ ᠲᠠᠢ᠂ ᠬᠡᠪ ᠤᠨ ᠪᠤᠰᠤ᠂ ᠪᠠᠭᠤᠷᠠᠢ ᠵᠦᠢᠯᠡᠰ ᠤᠨ ᠲᠤᠭ᠎ᠠ ᠪᠠᠷᠢᠮᠲᠠ ᠳᠤ ᠠᠩᠬᠠᠷᠤᠯ ᠢᠶᠠᠨ | ᠲᠥᠪᠯᠡᠷᠡᠭᠦᠯᠦᠨ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠣᠷᠳᠣ ᠬᠤᠭᠤᠴᠠᠭᠠᠨ ᠤ | ᠲᠥᠯᠦᠪᠵᠢᠭᠦᠯᠭᠡ ᠲᠣᠭᠲᠠᠭᠠᠵᠤ᠂ ᠲᠤᠭ᠎ᠠ ᠪᠠᠷᠢᠮᠲᠠ ᠶᠢᠨ ᠳᠡᠭᠡᠭᠰᠢᠯᠡᠯᠲᠡ ᠶᠢ ᠦᠨᠡᠨ ᠬᠦ ᠠᠬᠢᠭᠤᠯᠪᠠ᠃ | |