ᠣᠶᠢᠷ᠎ᠠ ᠶᠢᠨ ᠬᠤᠭᠤᠴᠠᠭᠠᠨ ᠳᠤ᠂ ᠬᠤᠪᠣᠷ ᠰᠢᠷᠣᠶ ᠶᠢᠨ ᠬᠦᠷᠢᠶᠡᠯᠡᠩ ᠤᠨ ᠡᠬᠢ ᠪᠠᠶᠠᠯᠢᠭ ᠬᠢᠭᠡᠳ ᠠᠮᠢ | ᠠᠬᠤᠶ ᠶᠢᠨ ᠣᠷᠴᠢᠨ ᠲᠣᠭᠤᠷᠢᠨ ᠤ ᠰᠤᠳᠤᠯᠭᠠᠨ ᠤ ᠭᠠᠵᠠᠷ ᠤᠨ ᠬᠤᠪᠣᠷ ᠰᠢᠷᠣᠶ ᠶᠢ ᠰᠠᠯᠭᠠᠬᠤ ᠬᠢᠭᠡᠳ | ᠬᠡᠷᠡᠭᠯᠡᠭᠡᠨ ᠤ ᠰᠤᠳᠤᠯᠭᠠᠨ ᠤ ᠲᠠᠰᠤᠭ ᠤᠨ ᠰᠤᠳᠤᠯᠤᠨ ᠨᠡᠭᠡᠭᠡᠭᠰᠡᠨ ︽ᠹᠯᠣᠷ ᠠᠭᠤᠯᠤᠭᠰᠠᠨ ᠬᠠᠶᠠᠭᠳᠠᠮᠠᠯ ᠬᠦᠴᠢᠯ | ᠠᠭᠤᠯᠤᠭᠰᠠᠨ ᠬᠥᠩᠭᠡᠨ ᠬᠤᠪᠣᠷ ᠰᠢᠷᠣᠶ ᠶᠢᠨ ᠹᠯᠣᠷ ᠤᠨ ᠨᠢᠭᠡᠳᠪᠦᠷᠢ ᠶᠢᠨ ᠮᠡᠷᠭᠡᠵᠢᠯ︾ ᠢ ᠡᠩ ᠤᠨ | ᠵᠥᠪᠰᠢᠶᠡᠷᠡᠯ ᠤᠨ ᠠᠷᠭ᠎ᠠ ᠮᠠᠶ᠋ᠢᠭ ᠢᠶᠠᠷ ᠥᠪᠥᠷ ᠮᠣᠩᠭᠤᠯ ᠤᠨ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠤᠨ | ᠰᠢᠨ᠎ᠡ ᠶᠢ ᠡᠭᠦᠳᠬᠦ ᠲᠥᠪ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ 5 ᠵᠢᠯ ᠤᠨ ᠬᠤᠭᠤᠴᠠᠭ᠎ᠠ ᠲᠠᠢ | ᠮᠡᠷᠭᠡᠵᠢᠯ ᠤᠨ ᠵᠥᠪᠰᠢᠶᠡᠷᠡᠯ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ | ᠣᠶᠢᠯᠠᠭᠠᠭᠰᠠᠨ ᠢᠶᠠᠷ᠂ ︽ᠹᠯᠣᠷᠲᠤ ᠬᠠᠶᠠᠭᠳᠠᠮᠠᠯ ᠬᠦᠴᠢᠯ ᠠᠭᠤᠯᠤᠭᠰᠠᠨ ᠬᠥᠩᠭᠡᠨ ᠬᠤᠪᠣᠷ ᠰᠢᠷᠣᠶ ᠶᠢᠨ | ᠹᠯᠣᠷᠲᠤ ᠨᠢᠭᠡᠳᠪᠦᠷᠢ ᠶᠢᠨ ᠮᠡᠷᠭᠡᠵᠢᠯ︾ ᠢ ᠦᠢᠯᠡᠳᠦᠨ ᠪᠡᠯᠡᠳᠬᠡᠬᠦ ᠨᠢ ᠵᠠᠬ᠎ᠠ ᠳᠡᠯᠭᠡᠭᠦᠷ ᠤᠨ ᠬᠤᠪᠣᠷ ᠰᠢᠷᠣᠶ ᠶᠢᠨ | ᠴᠢᠳᠠᠮᠵᠢ ᠶᠢᠨ ᠮᠠᠲ᠋ᠧᠷᠢᠶᠠᠯ ᠤᠨ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠤᠨ᠂ | ᠹᠯᠣᠷᠲᠤ ᠬᠠᠶᠠᠭᠳᠠᠮᠠᠯ ᠬᠦᠴᠢᠯ ᠬᠢᠭᠡᠳ ᠥᠨᠳᠥᠷ ᠥᠳᠬᠡᠴᠡ ᠲᠠᠢ ᠬᠤᠪᠣᠷ ᠰᠢᠷᠣᠶ ᠶᠢᠨ ᠠᠭᠤᠰᠤᠮᠠᠯ ᠤᠨ ᠰᠢᠩᠭᠡᠨ ᠤ | ᠨᠡᠶᠢᠯᠡᠯᠲᠡ ᠶᠢᠨ ᠮᠥᠬᠦᠯᠢᠭᠲᠦ ᠹᠯᠣᠷᠲᠤ ᠬᠤᠪᠣᠷ ᠰᠢᠷᠣᠶ ᠶᠢᠨ ᠦᠢᠯᠡᠳᠬᠦᠨ ᠤ ᠵᠠᠩᠭᠢᠯᠠᠭ᠎ᠠ ᠶᠢᠨ ᠮᠡᠷᠭᠡᠵᠢᠯ ᠤᠨ | ᠬᠦᠴᠢᠷ ᠠᠰᠠᠭᠤᠳᠠᠯ ᠢ ᠠᠮᠵᠢᠯᠲᠠ ᠲᠠᠢ ᠪᠠᠷ ᠰᠢᠢᠳᠪᠦᠷᠢᠯᠡᠵᠦ᠂ ᠮᠡᠷᠭᠡᠵᠢᠯ ᠤᠨ ᠦᠷ᠎ᠡ ᠪᠦᠲᠦᠭᠡᠯ ᠢ | ᠪᠣᠳᠠᠲᠠᠶᠢᠵᠢᠭᠤᠯᠤᠭᠰᠠᠨ ᠤ ᠳᠠᠷᠠᠭ᠎ᠠ ᠬᠤᠪᠣᠷ ᠰᠢᠷᠣᠶ ᠶᠢᠨ ᠡᠷᠦᠳᠡᠰᠦ ᠶᠢᠨ ᠬᠠᠮᠲᠤ ᠣᠷᠣᠰᠢᠬᠤ ᠹᠯᠣᠷ ᠤᠨ ᠡᠬᠢ | ᠪᠠᠶᠠᠯᠢᠭ ᠢ ᠥᠨᠳᠥᠷ ᠥᠷᠲᠡᠭᠵᠢᠭᠦᠯᠦᠨ ᠠᠰᠢᠭᠯᠠᠬᠤ ᠳᠤ ᠨᠢᠭᠡ ᠢᠵᠢ ᠠᠵᠤ ᠠᠬᠤᠶ᠂ ᠶᠠᠪᠤᠭᠳᠠᠭᠤᠰᠢᠲᠠᠶ | ᠰᠢᠢᠳᠪᠦᠷᠢᠯᠡᠬᠦ ᠲᠥᠰᠦᠯ ᠢ ᠬᠠᠩᠭᠠᠵᠤ᠂ ᠬᠤᠪᠣᠷ ᠰᠢᠷᠣᠶ ᠶᠢᠨ ᠲᠡᠮᠦᠷᠯᠢᠭ ᠪᠣᠯᠪᠠᠰᠤᠷᠠᠭᠤᠯᠬᠤ ᠪᠠᠭ᠎ᠠ ᠥᠳᠬᠡᠴᠡ ᠲᠠᠢ | ᠹᠯᠣᠷᠲᠤ ᠬᠠᠶᠠᠭᠳᠠᠮᠠᠯ ᠬᠦᠴᠢᠯ ᠢ ᠶᠡᠷᠦᠩᠬᠡᠶᠢᠯᠡᠨ ᠵᠠᠰᠠᠬᠤ ᠶᠢ ᠨᠠᠩ ᠰᠠᠶᠢᠲᠤᠷ ᠠᠬᠢᠭᠤᠯᠵᠤ ᠪᠣᠯᠤᠨ᠎ᠠ᠃ | ᠲᠣᠰ ᠤᠳᠠᠭᠠᠨ ᠤ ᠦᠷ᠎ᠡ ᠪᠦᠲᠦᠭᠡᠯ ᠢ ᠳᠡᠯᠭᠡᠷᠡᠭᠦᠯᠬᠦ ᠨᠢ ᠮᠠᠨ ᠤ ᠤᠯᠤᠰ ᠤᠨ ᠹᠯᠣᠷ ᠤᠨ ᠡᠬᠢ ᠪᠠᠶᠠᠯᠢᠭ ᠤᠨ | ᠬᠠᠩᠭᠠᠯᠭ᠎ᠠ ᠶᠢᠨ ᠣᠳᠣᠬᠢ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠬᠤ ᠶᠢᠨ ᠬᠠᠮᠲᠤ ᠬᠤᠪᠣᠷ ᠰᠢᠷᠣᠶ ᠶᠢᠨ ᠹᠯᠣᠷ ᠤᠨ | ᠭᠡᠷᠡᠯ ᠬᠠᠶᠠᠬᠤ ᠨᠤᠨᠳᠠᠭ ᠵᠢᠴᠢ ᠹᠯᠣᠷᠲᠤ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠬᠦ | ᠪᠠ ᠬᠠᠩᠭᠠᠬᠤ ᠪᠠᠶᠢᠷᠢᠰᠢᠯ ᠢ ᠨᠥᠯᠥᠭᠡᠯᠡᠬᠦ ᠶᠢᠨ ᠬᠠᠮᠲᠤ᠂ ᠬᠤᠪᠣᠷ ᠰᠢᠷᠣᠶ ᠶᠢᠨ ᠠᠵᠢᠯ ᠲᠥᠷᠥᠯ ᠤᠨ ᠪᠣᠬᠢᠷᠲᠤᠯ | ᠥᠬᠡᠶ ᠡᠷᠬᠢᠯᠳᠡᠳᠦ ᠬᠥᠭᠵᠢᠯᠲᠡ ᠪᠠ ᠬᠠᠶᠠᠭᠳᠠᠮᠠᠯ ᠥᠬᠡᠶ ᠬᠤᠲᠠ ᠶᠢᠨ ᠴᠢᠨᠠᠷ ᠰᠠᠶᠢᠲᠠᠶ ᠪᠥᠲᠥᠭᠡᠨ | ᠪᠠᠶᠢᠭᠤᠯᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃ |