10 ᠳ᠋ᠤᠭᠠᠷ ᠰᠠᠷ᠎ᠠ ᠶᠢᠨ 27 ᠤ ᠡᠳᠦᠷ᠂ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠤ ᠠᠩᠬᠠᠳᠠᠭᠴᠢ ᠲᠤᠰᠬᠠᠶᠢᠯᠠᠨ ᠨᠠᠭᠤᠷ ᠴᠦᠬᠦᠷᠦᠮ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠳᠤ ᠴᠢᠭᠯᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︽ | ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾ | ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠪᠥᠭᠡᠳ 2023 ᠣᠨ ᠤ 11 | ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠲᠤᠰ ︽ᠳᠦᠷᠢᠮ︾ ᠨᠡᠶᠢᠲᠡ ᠵᠢᠷᠭᠤᠭᠠᠨ ᠪᠦᠯᠦᠭ ᠲᠠᠪᠢᠨ ᠵᠢᠷᠭᠤᠭᠠᠨ | ᠵᠣᠷᠪᠣᠰ ᠲᠠᠢ᠃ ᠨᠢᠭᠡᠳᠦᠭᠡᠷ ᠪᠦᠯᠦᠭ ᠤᠨ ᠶᠡᠷᠦᠩᠬᠡᠢ ᠳᠦᠷᠢᠮ ᠳᠤ᠂ ᠳᠦᠷᠢᠮ ᠢ ᠳᠣᠭᠲᠠᠭᠠᠭᠰᠠᠨ ᠵᠣᠷᠢᠯᠭ᠎ᠠ᠂ | ᠬᠡᠷᠡᠭᠵᠢᠭᠦᠯᠬᠦ ᠬᠡᠪᠴᠢᠶ᠎ᠡ᠂ ᠦᠨᠳᠦᠰᠦᠨ ᠵᠠᠷᠴᠢᠮ᠂ ᠬᠠᠮᠢᠶᠠᠷᠬᠤ ᠪᠠᠶᠢᠭᠤᠯᠤᠯ ᠲᠣᠭᠲᠠᠴᠠ᠂ ᠢᠷᠭᠡᠨ ᠤ ᠡᠭᠦᠷᠭᠡ ᠪᠠ | ᠡᠷᠬᠡ ᠵᠡᠷᠭᠡ ᠶᠢ ᠪᠣᠳᠠᠲᠠᠢ ᠲᠣᠭᠲᠠᠭᠠᠵᠠᠢ᠃ ᠡᠭᠦᠨ ᠠᠴᠠ ᠭᠠᠳᠠᠨ᠎ᠠ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ | ᠤᠰᠤ ᠠᠷᠪᠢᠯᠠᠨ ᠤᠰᠤ ᠶᠢ ᠡᠵᠡᠮᠳᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠪᠠᠲᠤᠯᠠᠬᠤ ᠪᠠ ᠬᠢᠨᠠᠬᠤ ᠵᠢᠴᠢ | ᠳᠠᠭᠠᠯᠲᠠ ᠳᠦᠷᠢᠮ ᠵᠡᠷᠭᠡ ᠠᠭᠤᠯᠭ᠎ᠠ ᠲᠠᠢ᠃ ᠲᠤᠰ ᠳᠦᠷᠢᠮ ᠢ ᠬᠡᠷᠡᠭᠵᠢᠭᠦᠯᠬᠦ ᠨᠢ ᠪᠠᠶᠠᠨᠨᠠᠭᠤᠷ ᠬᠤᠳᠠ ᠶᠢᠨ | ᠤᠯᠠᠭᠠᠨᠰᠤᠬᠠᠢ ᠶᠢ ᠬᠠᠮᠠᠭᠠᠯᠠᠨ ᠵᠠᠰᠠᠬᠤ ᠰᠡᠳᠬᠢᠮᠵᠢ ︽ᠲᠠᠩ ᠭᠠᠭᠴᠠ ᠨᠠᠭᠤᠷ ᠴᠥᠭᠦᠷᠥᠮ ᠢ ᠵᠠᠰᠠᠵᠤ︾ | ᠪᠠᠶᠢᠭᠰᠠᠨ ᠠᠴᠠ ︽ᠰᠠᠪᠠ ᠭᠠᠵᠠᠷ ᠢ ᠰᠢᠰᠲ᠋ᠧᠮ ᠲᠠᠢ ᠪᠠᠷ ᠵᠠᠰᠠᠬᠤ︾ ᠲᠡᠶᠢᠰᠢ ᠦᠨᠳᠦᠰᠦᠨ ᠬᠤᠪᠢᠷᠠᠯᠲᠠ | ᠭᠠᠷᠤᠭᠰᠠᠨ ᠢ ᠬᠠᠷᠠᠭᠤᠯᠤᠨ᠎ᠠ᠃ | ᠣᠶᠢᠯᠠᠭᠠᠭᠰᠠᠨ ᠢᠶᠠᠷ᠂ ᠤᠯᠠᠭᠠᠨᠰᠤᠬᠠᠢ ᠪᠣᠯ ᠬᠠᠲᠤᠨ ᠭᠤᠣᠯ ᠤᠨ ᠤᠷᠤᠰᠬᠠᠯ ᠤᠨ ᠵᠠᠮ ᠢ ᠥᠭᠡᠷᠡᠴᠢᠯᠡᠵᠦ ᠪᠣᠶ | ᠪᠣᠯᠭᠠᠭᠰᠠᠨ ᠪᠤᠭᠤᠯᠠᠭᠠᠨ ᠨᠠᠭᠤᠷ ᠪᠥᠭᠡᠳ ᠬᠠᠲᠤᠨ ᠭᠤᠣᠯ ᠤᠨ ᠰᠠᠪᠠ ᠭᠠᠵᠠᠷ ᠲᠠᠬᠢ ᠬᠠᠮᠤᠭ ᠤᠨ ᠶᠡᠭᠡ ᠨᠠᠭᠤᠷ | ᠨᠤᠭᠤ ᠲᠠᠢ ᠭᠠᠵᠠᠷ ᠪᠠᠶᠢᠵᠤ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ ᠤᠰᠤᠨ ᠤ ᠴᠢᠨᠠᠷ ᠢ | ᠴᠡᠪᠡᠷᠰᠢᠭᠦᠯᠬᠦ᠂ ᠰᠥᠩ ᠬᠠᠯᠢᠶ᠎ᠠ ᠬᠢᠭᠡᠳ ᠦᠶᠡᠷ ᠢ ᠰᠡᠷᠭᠡᠶᠢᠯᠡᠬᠦ ᠵᠡᠷᠭᠡ ᠣᠯᠠᠨ ᠴᠢᠬᠤᠯᠠ ᠴᠢᠳᠠᠮᠵᠢ ᠲᠠᠢ᠃ ᠮᠥᠨ | ᠴᠦ ᠬᠠᠲᠤᠨ ᠭᠤᠣᠯ ᠤᠨ ᠠᠮᠢ ᠠᠬᠤᠢ ᠶᠢᠨ ᠠᠮᠤᠷ ᠲᠦᠪᠰᠢᠨ ᠤ ︽ᠪᠠᠶᠢᠭᠠᠯᠢ ᠶᠢᠨ ᠪᠥᠭᠡᠷ᠎ᠡ︾᠂ ᠮᠠᠨ ᠤ | ᠤᠯᠤᠰ ᠤᠨ ᠤᠮᠠᠷᠠᠲᠤ ᠶᠢᠨ ᠠᠯᠢ ᠣᠯᠠᠨ ᠠᠮᠢ ᠠᠬᠤᠢ ᠶᠢᠨ ᠴᠢᠳᠠᠮᠵᠢ ᠶᠢᠨ ᠠᠭᠤᠯᠵᠠᠷ ᠣᠷᠣᠨ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠬᠢᠵᠠᠭᠠᠷᠯᠠᠬᠤ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠤᠮ᠃ | ᠤᠯᠠᠭᠠᠨᠰᠤᠬᠠᠢ ᠨᠠᠭᠤᠷ ᠨᠢ ᠪᠣᠷᠣᠳᠣᠬᠤᠢ ᠶᠢᠨ ᠲᠠᠯ᠎ᠠ ᠭᠠᠵᠠᠷ᠂ ᠨᠠᠭᠤᠷ ᠴᠥᠭᠦᠷᠥᠮ ᠨᠤᠭᠤ ᠭᠠᠵᠠᠷ ᠵᠡᠷᠭᠡ ᠠᠮᠢ | ᠠᠬᠤᠢ ᠶᠢᠨ ᠡᠯᠧᠮᠧᠨ᠋ᠲ ᠤᠳ ᠲᠠᠢ ᠨᠡᠶᠢᠯᠡᠭᠡᠳ ᠤᠯᠠᠭᠠᠨᠰᠤᠬᠠᠢ ᠶᠢᠨ ᠰᠠᠪᠠ ᠭᠠᠵᠠᠷ ᠢ ᠪᠦᠷᠢᠯᠳᠦᠭᠦᠯᠵᠡᠢ᠃ | ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠵᠠᠰᠠᠬᠤ ᠨᠢ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠲᠠᠢ ᠠᠵᠢ᠃ | |