ᠳᠡᠭᠡᠳᠦ ᠰᠢᠨ᠎ᠡ ᠮᠡᠷᠭᠡᠵᠢᠯ ᠤᠨ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠩᠰᠠ ᠡᠪᠬᠡᠮᠡᠯ ᠢ ᠲᠣᠭᠠᠴᠢᠯᠠᠭᠰᠠᠨ ᠰᠢᠷᠪᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/10
   2023 ᠣᠨ ᠤ 10 ᠰᠠᠷ᠎ᠠ ᠶᠢᠨ 9᠎ ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ︾᠎ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠶᠡᠭᠡ ᠠᠩᠭᠢ ᠢᠳᠡᠪᠬᠢᠲᠡᠶ ᠬᠠᠮᠵᠢᠯᠴᠠᠵᠤ᠂ ᠲᠤᠬᠠᠶ ᠶᠢᠨ ᠡᠳᠦᠷ ︽ᠲᠠᠩᠰᠠ ᠡᠪᠬᠡᠮᠡᠯ ᠢ ᠵᠢᠭᠡᠯᠡᠨ ᠬᠡᠷᠡᠭᠯᠡᠵᠦ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ︾᠎ ᠲᠤ ᠭᠠᠷ ᠤᠨ ᠥᠰᠥᠭ ᠵᠢᠷᠤᠵᠤ᠂ ᠲᠡᠷᠡ ᠳᠠᠷᠤᠶ ᠳᠤᠨᠢ ᠨᠤᠷᠠᠭᠠᠵᠤ ᠨᠡᠭᠦᠯᠭᠡᠬᠦ ᠲᠠᠩᠰᠠ ᠡᠪᠬᠡᠮᠡᠯ ᠢ ᠲᠣᠭᠠᠴᠢᠯᠠᠬᠤ ᠠᠵᠢᠯ ᠢ ᠥᠷᠨᠢᠭᠦᠯᠪᠡ᠃ 2023 ᠣᠨ ᠤ 11 ᠰᠠᠷ᠎ᠠ ᠶᠢᠨ 8᠎ ᠤ ᠡᠳᠦᠷ ᠪᠣᠯᠲᠠᠯ᠎ᠠ᠂ ᠨᠢᠭᠡᠨᠲᠡ ᠮᠠᠨ ᠤ ᠨᠢᠭᠡᠴᠡ ᠶᠢᠨ ᠪᠣᠶ ᠪᠥᠬᠦᠶ ᠨᠤᠷᠠᠭᠠᠵᠤ ᠨᠡᠭᠦᠯᠭᠡᠬᠦ ᠲᠠᠩᠰᠠ ᠡᠪᠬᠡᠮᠡᠯ ᠢ ᠰᠢᠷᠪᠢᠵᠦ ᠳᠠᠭᠤᠰᠬᠠᠭᠠᠳ᠂ ᠨᠡᠶᠢᠲᠡ 6671 ᠬᠤᠪᠢ ᠶᠢ ᠨᠢ ᠰᠢᠷᠪᠢᠪᠡ᠃    ᠲᠣᠰ ᠤᠳᠠᠭᠠᠨ ᠤ ᠲᠠᠩᠰᠠ ᠡᠪᠬᠡᠮᠡᠯ ᠤᠨ ᠲᠣᠭᠠᠴᠢᠯᠠᠭᠰᠠᠨ ᠪᠣᠯᠪᠠᠰᠤᠷᠠᠭᠤᠯᠤᠯ ᠢᠶᠠᠷ ᠳᠡᠮᠵᠢᠨ᠂ ᠨᠢᠭᠡ ᠲᠠᠯ᠎ᠠ ᠪᠠᠷ ᠬᠥᠮᠥᠷᠭᠡ ᠶᠢᠨ ᠪᠠᠶᠢᠴᠠᠭᠠᠨ ᠦᠵᠡᠬᠦ ᠲᠠᠢ ᠤᠶᠠᠯᠳᠤᠭᠤᠯᠤᠨ᠂ ᠬᠡᠷᠡᠭᠰᠡᠬᠦ ᠴᠠᠭ᠂ ᠬᠥᠮᠦᠨ ᠤ ᠬᠦᠴᠦᠨ ᠪᠠ ᠪᠣᠳᠠᠰ ᠤᠨ ᠬᠦᠴᠦᠨ ᠢ ᠶᠡᠭᠡ ᠪᠠᠷ ᠪᠠᠭᠠᠰᠬᠠᠬᠤ ᠶᠢᠨ ᠬᠠᠮᠲᠤ᠂ ᠡᠪᠳᠡᠭᠳᠡᠭᠰᠡᠨ ᠲᠠᠩᠰᠠ ᠡᠪᠬᠡᠮᠡᠯ ᠢ ᠵᠠᠰᠠᠨ ᠰᠡᠷᠭᠦᠭᠡᠬᠦ ᠪᠠ ᠳᠠᠬᠢᠨ ᠦᠳᠡᠵᠦ᠂ ᠲᠠᠩᠰᠠ ᠡᠪᠬᠡᠮᠡᠯ ᠤᠨ ᠠᠮᠢ ᠨᠠᠰᠤ ᠶᠢ ᠤᠷᠲᠤᠳᠬᠠᠪᠠ᠃ ᠨᠥᠭᠦᠭᠡ ᠲᠠᠯ᠎ᠠ ᠪᠠᠷ᠂ ᠲᠣᠰ ᠤᠳᠠᠭᠠᠨ ᠤ ᠲᠠᠩᠰᠠ ᠡᠪᠬᠡᠮᠡᠯ ᠤᠨ ᠲᠣᠭᠠᠴᠢᠯᠠᠭᠰᠠᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠲᠠᠩᠰᠠ ᠡᠪᠬᠡᠮᠡᠯ ᠤᠨ ᠬᠠᠮᠢᠶᠠᠷᠤᠯᠲᠠ ᠪᠠ ᠠᠷᠭ᠎ᠠ ᠪᠠᠷᠢᠯ ᠢ ᠠᠰᠢᠭᠯᠠᠨ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠪᠠᠷᠠᠬᠤ ᠥᠬᠡᠶ᠂ ᠲᠠᠩᠰᠠ ᠡᠪᠬᠡᠮᠡᠯ ᠤᠨ ᠠᠰᠢᠭᠯᠠᠯᠲᠠ ᠶᠢᠨ ᠦᠷ᠎ᠡ ᠪᠦᠲᠦᠮᠵᠢ ᠶᠡᠭᠡ ᠪᠠᠷ ᠳᠡᠭᠡᠭᠰᠢᠯᠡᠭᠰᠡᠨ ᠠᠴᠠ ᠪᠠᠰᠠ ᠨᠢᠭᠡᠴᠡ ᠶᠢᠨ ᠳᠦᠷᠢ ᠲᠥᠷᠬᠦ ᠶᠢ ᠶᠡᠭᠡ ᠪᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠯ᠎ᠡ ᠵᠦᠢᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ᠂ ᠰᠦᠯᠵᠢᠶᠡᠵᠢᠯᠲᠡ᠂ ᠮᠡᠳᠡᠭᠡ ᠵᠠᠩᠭᠢᠵᠢᠯᠲᠠ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号