ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤᠭᠤᠢ ᠲᠡᠷᠭᠡ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠵᠤ ᠬᠠᠷᠢᠶᠠᠲᠤ ᠣᠷᠣᠨ ᠤ ᠵᠡᠭᠡᠯᠢ ᠭᠤᠳᠤᠮᠵᠢ ᠶᠢᠨ ᠡᠮᠬᠢ ᠳᠢᠭᠯᠢᠮ ᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2023/11/10
    ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠷᠢᠶ᠎ᠠ ᠣᠷᠣᠨ ᠤ ᠪᠠᠨ ᠬᠠᠮᠲᠤ ᠪᠠᠷ ᠡᠳ᠋ᠯᠡᠬᠦ ᠳᠤᠭᠤᠶ ᠲᠡᠷᠭᠡ ᠵᠣᠭᠰᠣᠬᠤ ᠰᠠᠮᠠᠭᠤᠨ ᠪᠠᠶᠢᠳᠠᠯ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠲᠦᠷᠭᠡᠨ ᠪᠥᠭᠡᠳ ᠥᠨᠳᠥᠷ ᠪᠦᠲᠦᠮᠵᠢᠲᠡᠶ ᠲᠥᠪᠯᠡᠷᠡᠭᠦᠯᠦᠨ ᠴᠡᠭᠴᠡᠯᠡᠨ ᠵᠠᠰᠠᠬᠤ ᠵᠠᠭᠪᠤᠷ ᠢ ᠠᠪᠴᠤ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠮᠠᠰᠢᠨᠲᠤ ᠲᠡᠷᠭᠡᠨ ᠤ ᠵᠠᠮ  ᠳᠤ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠳᠤᠭᠤᠶ ᠲᠡᠷᠭᠡ ᠶᠢ ᠲᠥᠪᠯᠡᠷᠡᠭᠦᠯᠦᠨ ᠢᠯᠭᠠᠷᠠᠭᠤᠯᠬᠤ ᠶᠢᠨ ᠬᠠᠮᠲᠤ ᠠᠵᠤ ᠠᠬᠤᠶᠢᠯᠠᠯ ᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠭᠦᠯᠵᠦ᠂ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠣᠬᠢᠷᠠᠭᠤᠯᠤᠨ ᠡᠵᠡᠩᠨᠡᠯᠲᠡ ᠶᠢᠨ ᠲᠡᠷᠭᠡ ᠬᠥᠰᠬᠡ ᠶᠢ ᠡᠮᠬᠢᠯᠡᠵᠦ᠂ ᠲᠡᠷᠭᠡ ᠬᠥᠰᠬᠡ ᠶᠢ ᠠᠮᠤᠷ ᠲᠦᠪᠰᠢᠨ ᠢᠶᠠᠷ ᠲᠠᠯᠪᠢᠬᠤ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠣᠲᠣ ᠪᠣᠯᠲᠠᠯ᠎ᠠ᠂ ᠨᠡᠶᠢᠲᠡ 600 ᠭᠠᠷᠤᠶ ᠳᠤᠭᠤᠶ ᠲᠡᠷᠭᠡ ᠶᠢ ᠵᠢᠷᠤᠮᠵᠢᠭᠤᠯᠤᠨ ᠲᠠᠯᠪᠢᠵᠤ ᠪᠠᠶᠢᠨ᠎ᠠ᠃    ᠬᠠᠤᠯᠢ ᠬᠡᠷᠡᠭᠵᠢᠭᠦᠯᠬᠦ ᠠᠵᠢᠯᠲᠠᠨ ᠥᠷᠭᠡᠨ ᠣᠯᠠᠨ ᠬᠤᠲᠠ ᠶᠢᠨ ᠠᠷᠠᠳ ᠲᠤ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠪᠣᠯᠪᠠᠰᠤᠨ ᠢᠶᠠᠷ ᠬᠡᠷᠡᠭᠯᠡᠵᠦ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠤᠬᠠᠮᠰᠠᠷ ᠠᠴᠠ ᠪᠠᠨ ᠲᠡᠷᠭᠡ ᠵᠣᠭᠰᠣᠭᠠᠬᠤ ᠪᠠᠶᠢᠷᠢ ᠳᠤ ᠵᠣᠭᠰᠣᠭᠠᠵᠤ᠂ ᠰᠠᠭᠠᠳ ᠥᠬᠡᠶ᠂ ᠪᠣᠯᠪᠠᠰᠤᠨ᠂ ᠡᠮᠬᠢ ᠵᠢᠷᠤᠮ ᠲᠠᠢ ᠬᠤᠲᠠ ᠶᠢᠨ ᠦᠵᠡᠮᠵᠢ ᠪᠠ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠬᠡᠷᠡᠭᠲᠡᠶ ᠭᠡᠵᠦ ᠰᠠᠨᠠᠭᠤᠯᠪᠠ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号