11 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ | ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠣᠯᠠᠨ | ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ | ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯ ᠠᠴᠠ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠤᠯᠠᠮ ᠴᠢᠨᠠᠭᠰᠢᠳᠠ ᠴᠢᠩᠭᠠᠳᠬᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠥ᠂ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠬᠦᠴᠦᠲᠡᠢ ᠰᠠᠶᠢᠲᠤᠷ ᠬᠢᠵᠦ᠂ ᠮᠠᠨ ᠤ ᠣᠷᠣᠨ ᠤ ᠮᠥᠩᠭᠦᠨ | ᠭᠦᠢᠯᠭᠡᠭᠡᠨ ᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠥᠩᠭᠦᠨ ᠭᠦᠢᠯᠭᠡᠭᠡᠨ ᠤ | ᠴᠢᠨᠠᠷ ᠰᠠᠶᠢᠲᠠᠢ ᠬᠥᠭᠵᠢᠯᠲᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠰᠢᠨ᠎ᠡ | ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 10 ᠰᠠᠷ᠎ᠠ ᠶᠢᠨ 27 ᠤ ᠡᠳᠦᠷ ᠤᠨ ᠲᠥᠪ ᠤᠨ | ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠲᠤᠬᠠᠢ ᠤᠳᠠᠭ᠎ᠠ ᠪᠦᠷᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠤᠨ ᠨᠠᠪᠲᠠᠷᠡᠭᠦᠯᠵᠦ᠂ ᠪᠦᠭᠦ ᠣᠷᠣᠨ ᠤ ᠭᠤᠣᠯᠳᠠᠯᠭ᠎ᠠ ᠲᠠᠢ ᠠᠵᠢᠯ ᠢ | ᠠᠬᠢᠭᠤᠯᠬᠤ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠦᠷᠦ ᠶᠢᠨ ᠪᠣᠳᠣᠯᠭ᠎ᠠ ᠶᠢᠨ ᠠᠵᠠ | ᠲᠣᠭᠢᠶᠠᠯ ᠢ ᠰᠠᠶᠢᠲᠤᠷ ᠠᠳᠬᠤᠨ ᠰᠠᠶᠢᠲᠤᠷ ᠠᠰᠢᠭᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ | ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠᠷ ︽ᠲᠠᠪᠤᠨ ᠶᠡᠭᠡ ᠠᠮᠤᠷ | ᠲᠦᠪᠰᠢᠨ︾ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠡᠪᠡᠷ | ᠡᠨᠧᠷᠭᠢ ᠶᠢ ᠲᠦᠷᠭᠡᠳᠬᠡᠨ ᠬᠥᠭᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠨᠡᠩ ᠴᠢᠩᠭ᠎ᠠ ᠲᠤᠯᠭᠠᠮ ᠪᠤᠳᠤᠯ ᠢᠶᠠᠷ ᠰᠢᠨ᠎ᠡ ᠡᠨᠧᠷᠭᠢ ᠶᠢᠨ ᠬᠥᠭᠵᠢᠯᠲᠡ ᠶᠢ ᠴᠢᠩᠭ᠎ᠠ ᠠᠳᠬᠤᠵᠤ᠂ ᠨᠡᠩ ᠲᠦᠷᠭᠡᠨ | ᠠᠯᠬᠤᠭ᠎ᠠ ᠪᠠᠷ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠨᠡᠩ ᠶᠡᠭᠡ ᠡᠷᠴᠢᠮ ᠢᠶᠠᠷ | ᠰᠢᠩᠭᠡᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ | ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠢ ᠦᠨᠡᠨ ᠬᠦ ᠴᠢᠩᠭᠠᠳᠬᠠᠵᠤ᠂ ᠤᠯᠠᠨ ᠵᠦᠢᠯ ᠤᠨ | ᠰᠣᠶᠣᠯ ᠤᠨ ᠠᠭᠤᠰᠤᠯᠴᠠᠨ ᠣᠷᠣᠰᠢᠬᠤ ᠣᠨᠴᠠᠯᠢᠭ ᠢ ᠢᠯᠡᠷᠡᠭᠦᠯᠦᠭᠰᠡᠨ ︽ᠤᠮᠠᠷᠠᠲᠤ ᠬᠢᠯᠢ ᠶᠢᠨ ᠰᠣᠶᠣᠯ︾ ᠤᠨ | ᠲᠦᠷᠦᠯ ᠲᠡᠮᠳᠡᠭ ᠢ ᠲᠦᠷᠭᠡᠳᠬᠡᠨ ᠴᠣᠭᠴᠠᠯᠠᠵᠤ᠂ ᠨᠡᠩ ᠤᠯᠠᠨ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠲᠠᠢ | ᠰᠤᠳᠤᠯᠭᠠᠨ ᠤ ᠦᠷ᠎ᠡ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠴᠥᠮ ᠰᠢᠰᠲ᠋ᠧᠮ ᠲᠠᠢ ᠰᠤᠳᠤᠯᠭᠠᠨ ᠪᠠ ᠦᠢᠯᠡᠳᠦᠯᠭᠡ ᠶᠢᠨ ᠰᠦᠪᠡᠭᠴᠢᠯᠡᠯᠲᠡ ᠪᠠᠨ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠠᠭᠠᠨ ᠭᠡᠯᠪᠡᠷᠢ ᠲᠠᠢ ᠰᠡᠳᠬᠢᠯᠭᠡ ᠲᠠᠢ ᠪᠦᠳᠦᠮᠵᠢᠳᠡᠢ ᠪᠠᠷ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠪᠣᠯᠣᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ | ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ | ᠦᠷᠭᠦᠯᠵᠢᠯᠡᠨ ᠴᠢᠩᠭᠠᠳᠬᠠᠵᠤ᠂ ᠥᠷᠭᠡᠨ ᠤᠯᠠᠨ ᠠᠵᠢᠯᠲᠠᠨ ᠠᠵᠢᠯᠴᠢᠨ᠂ ᠡᠮᠡᠭᠲᠡᠶᠢᠴᠦᠳ ᠤᠨ ᠡᠷᠡᠰ ᠭᠤᠶᠢᠪᠢᠰᠢ | ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠠᠯ | ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠤᠯᠴᠠᠬᠤ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ᠃ ᠡᠯ᠎ᠡ | ᠱᠠᠲᠤᠨ ᠤ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠠᠯᠢᠪᠠ ᠬᠠᠷᠠᠯᠲᠠ | ᠣᠶᠢᠯᠠᠭᠠᠭᠳᠠᠬᠤᠨ ᠢ ᠦᠨᠡᠨ ᠪᠣᠳᠠᠲᠠᠢ ᠦᠷ᠎ᠡ ᠪᠦᠳᠦᠮᠵᠢ ᠪᠣᠯᠭᠠᠨ ᠬᠤᠪᠢᠷᠠᠭᠤᠯᠬᠤ ᠶᠢ ᠪᠠᠷᠢᠮᠲᠠᠯᠠᠵᠤ᠂ ᠬᠦᠴᠦᠯᠡᠬᠦ | ᠴᠡᠭ ᠢᠶᠠᠨ ᠣᠨᠣᠪᠴᠢᠲᠠᠢ ᠣᠯᠵᠤ ᠠᠵᠢᠯ ᠢᠶᠠᠨ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ᠂ ᠭᠠᠳᠠᠭᠠᠳᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠣᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠳᠤ ᠣᠷᠤᠯᠴᠠᠬᠤ ᠲᠤᠬᠠᠢ | ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠪᠠᠰᠠ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯᠳᠠᠯᠭ᠎ᠠ ᠲᠠᠢ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ | ᠨᠤᠲᠠᠯᠠᠵᠤ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠰ | ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠨᠠᠩ ᠰᠠᠶᠢᠲᠤᠷ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |