【ᠲᠠᠪᠤᠨ ᠶᠡᠭᠡ ᠡᠭᠦᠷᠭᠡ】ᠵᠠᠭᠤᠨ ᠲᠦᠮᠡᠨ ᠺᠢᠯᠣᠸᠠᠲ ᠤᠨ ᠲᠠᠰ ᠤᠨ ᠰᠠᠯᠬᠢᠨ ᠬᠦᠴᠦ ᠶᠢ ᠨᠥᠭᠡᠴᠡᠯᠡᠬᠦ ᠰᠠᠭᠤᠷᠢᠨ ᠢ ᠠᠷᠤ ᠬᠤᠷᠴᠢᠨ ᠳᠤ ᠣᠷᠣᠭᠤᠯᠪᠠ
ᠨᠡᠶᠢᠲᠡᠯᠡᠭᠰᠡᠨ ᠴᠠᠭ᠄
2023/11/10
      ᠣᠶᠢᠷ᠎ᠠ ᠳᠤ᠂ ᠨᠡᠶᠢᠲᠡ 47 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ ᠡᠨᠧᠷᠭᠢ ᠶᠢᠨ ᠰᠤᠷᠪᠤᠯᠵᠢ ᠶᠢᠨ ᠠᠷᠤ ᠬᠤᠷᠴᠢᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦ ᠶᠢ ᠨᠥᠭᠡᠴᠡᠯᠡᠬᠦ ᠰᠠᠭᠤᠷᠢᠨ ᠭᠠᠵᠠᠷ ᠤᠨ ᠲᠥᠰᠥᠯ ᠵᠢᠩᠬᠢᠨᠢ ᠪᠠᠷ ᠠᠵᠢᠯ ᠡᠬᠢᠯᠡᠪᠡ᠃ ᠲᠣᠰ ᠲᠥᠰᠥᠯ ᠪᠣᠯ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠭᠰᠡᠨ ᠭᠤᠷᠪᠠᠳᠤᠭᠠᠷ ᠪᠦᠯᠦᠭ ᠤᠯᠤᠰ ᠤᠨ ᠲᠠᠰ ᠤᠨ ᠰᠢᠨ᠎ᠡ ᠡᠨᠧᠷᠭᠢ ᠶᠢᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠪᠠᠶᠢᠵᠤ᠂ ᠵᠢᠱᠢᠯᠲᠡ ᠪᠠᠷ 2024 ᠣᠨ ᠤ ᠡᠴᠦᠰ ᠠᠴᠠ ᠡᠮᠦᠨ᠎ᠡ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠬᠤ ᠪᠣᠯᠣᠨ᠎ᠠ᠃      ︽ᠠᠷᠤ ᠬᠤᠷᠴᠢᠨ ᠬᠤᠰᠢᠭᠤᠨ ᠤ ᠰᠢᠨ᠎ᠡ ᠡᠨᠧᠷᠭᠢ ᠶᠢᠨ ᠡᠬᠢ ᠪᠠᠶᠠᠯᠢᠭ ᠮᠠᠰᠢ ᠡᠯᠪᠡᠭ᠂ ᠰᠠᠯᠬᠢᠨ ᠤ ᠡᠨᠧᠷᠭᠢ ᠶᠢᠨ ᠠᠰᠢᠭᠯᠠᠯᠲᠠ ᠶᠢᠨ ᠨᠣᠷᠮ᠎ᠠ ᠥᠨᠳᠥᠷ᠂ ᠠᠵᠤ ᠠᠬᠤᠢ ᠶᠢᠨ ᠦᠷ᠎ᠡ ᠠᠰᠢᠭ ᠮᠠᠰᠢ ᠰᠠᠶᠢᠨ ᠪᠠᠶᠢᠳᠠᠭ᠃︾ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠤᠤ ᠴᠦᠨ ᠢᠦᠢ ᠢᠯᠡᠷᠬᠡᠶᠢᠯᠡᠬᠦ ᠳᠤ ᠪᠠᠨ᠂ ᠠᠷᠤ ᠬᠤᠷᠴᠢᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦ ᠶᠢ ᠨᠥᠭᠡᠴᠡᠯᠡᠬᠦ ᠲᠥᠰᠥᠯ ᠨᠢ ᠣᠳᠣᠬᠠᠨ ᠤ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠲᠠᠩ ᠮᠠᠰᠢᠨ ᠤ ᠪᠠᠭᠲᠠᠭᠠᠮᠵᠢ 10 ᠮᠧᠭ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠬᠡᠷᠡᠭᠯᠡᠬᠦ ᠶᠢᠨ ᠬᠠᠮᠲᠤ 140 ᠮᠧᠳ᠋ᠷ ᠥᠨᠳᠥᠷ ᠬᠤᠯᠢᠮᠠᠭ ᠰᠤᠪᠤᠷᠭ᠎ᠠ ︵ᠬᠤᠯᠢᠮᠠᠭ ᠰᠤᠪᠤᠷᠭ᠎ᠠ ᠶᠢᠨ ᠵᠢᠶᠠᠰᠠ︶ ᠶᠢᠨ ᠮᠡᠷᠭᠡᠵᠢᠯ ᠢ ᠬᠡᠷᠡᠭᠯᠡᠵᠦ᠂ ᠣᠶᠤᠨᠴᠢᠯᠠᠭᠰᠠᠨ ᠡᠵᠡᠮᠰᠢᠯ ᠤᠨ ᠲᠠᠪᠴᠠᠩ ᠢ ᠲᠥᠯᠥᠪᠯᠡᠨ ᠬᠡᠷᠡᠭᠯᠡᠵᠦ ᠪᠠᠶᠢᠭ᠎ᠠ ᠤᠯᠤᠰ ᠤᠨ ᠳᠣᠲᠣᠭᠠᠳᠤ ᠶᠢᠨ ᠣᠶᠤᠨᠴᠢᠯᠠᠭᠰᠠᠨ ᠲᠦᠪᠰᠢᠨ ᠢᠶᠠᠷ ᠨᠡᠯᠢᠶᠡᠳ ᠥᠨᠳᠥᠷ ᠲᠥᠰᠥᠯ ᠪᠣᠯᠣᠨ᠎ᠠ ᠭᠡᠵᠡᠢ᠃      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠶᠢᠲᠡᠯᠡᠭᠰᠡᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠳᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠶᠡᠭᠡ ᠬᠡᠪᠴᠢᠶᠡᠨ ᠤ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠢᠯᠡᠳᠬᠦ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠮᠡᠷᠭᠡᠵᠢᠯ ᠤᠨ ᠰᠢᠪᠲᠤᠯᠤᠯᠲᠠ ᠶᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠤ ᠬᠤᠷᠴᠢᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦ ᠶᠢ ᠨᠥᠭᠡᠴᠡᠯᠡᠬᠦ ᠲᠥᠰᠥᠯ ᠪᠣᠯ ︽ᠰᠢᠨ᠎ᠡ︾ ᠪᠠ ︽ᠪᠣᠬᠢᠷᠲᠤᠯ ᠦᠭᠡᠢ︾ ᠰᠢᠨ᠎ᠡ ᠡᠨᠧᠷᠭᠢ ᠶᠢ ᠬᠥᠭᠡᠭᠡᠴᠡᠯᠳᠦᠭᠰᠡᠨ ᠨᠡᠶᠢᠲᠡᠯᠢᠭ ᠲᠥᠰᠥᠯ ᠪᠣᠯᠣᠨ᠎ᠠ᠃     ︽ᠰᠢᠨ᠎ᠡ︾ ︽ᠪᠣᠬᠢᠷᠲᠤᠯ ᠦᠭᠡᠢ︾ ᠶᠢ ᠬᠥᠭᠡᠭᠡᠴᠡᠯᠳᠦᠬᠦ ᠪᠣᠯ ᠠᠷᠤ ᠬᠤᠷᠴᠢᠨ ᠬᠤᠰᠢᠭᠤᠨ ᠤ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠴᠢᠭᠯᠡᠯ ᠪᠠᠶᠢᠵᠤ᠂ ᠤᠯᠠᠮᠵᠢᠯᠠᠯᠲᠤ ᠡᠨᠧᠷᠭᠢ ᠠᠴᠠ ᠴᠡᠪᠡᠷ ᠡᠨᠧᠷᠭᠢ ᠲᠡᠶᠢᠰᠢ ᠰᠢᠯᠵᠢᠬᠦ᠂ ᠡᠬᠢ ᠪᠠᠶᠠᠯᠢᠭ ᠤᠨ ᠳᠠᠪᠠᠭᠤᠯᠢᠭ ᠠᠴᠠ ᠠᠵᠤ ᠠᠬᠤᠢ ᠶᠢᠨ ᠳᠠᠪᠠᠭᠤᠯᠢᠭ ᠲᠡᠶᠢᠰᠢ ᠰᠢᠯᠵᠢᠬᠦ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠵᠠᠮ ᠢ ᠰᠦᠪᠡᠭᠴᠢᠯᠡᠨ ᠨᠡᠭᠡᠭᠡᠪᠡ᠃ ︽ᠲᠥᠰᠥᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ ᠳᠤᠮᠳᠠᠴᠢ ᠪᠠᠷ 2791 ᠴᠠᠭ ᠴᠠᠬᠢᠯᠭᠠᠨ ᠭᠠᠷᠭᠠᠵᠤ᠂ ᠲᠣᠣᠷ ᠲᠤ ᠣᠷᠣᠭᠤᠯᠤᠭᠰᠠᠨ ᠴᠠᠬᠢᠯᠭᠠᠨ ᠤ ᠬᠡᠮᠵᠢᠶ᠎ᠡ 27.91 ᠳ᠋ᠦᠩᠰᠢᠭᠤᠷ ᠭᠷᠡᠳᠦ᠋ᠰ ᠲᠤ ᠬᠦᠷᠴᠦ᠂ ᠡᠵᠡᠩᠨᠡᠯᠲᠡ ᠶᠢᠨ ᠣᠷᠣᠯᠭ᠎ᠠ 7.49 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ ᠪᠠᠷᠢᠮᠵᠢᠶᠠᠲᠤ ᠨᠡᠭᠦᠷᠡᠰᠦ ᠶᠢ 84.4 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 334 ᠲᠦᠮᠡᠨ ᠲᠣᠨ ᠪᠠᠭᠠᠰᠬᠠᠵᠤ ᠪᠣᠯᠣᠨ᠎ᠠ᠃︾ ᠬᠤᠤ ᠴᠦᠨ ᠢᠦᠢ ᠢᠯᠡᠷᠬᠡᠶᠢᠯᠡᠬᠦ ᠳᠤ ᠪᠠᠨ᠂ ᠲᠤᠰ ᠲᠥᠰᠥᠯ ᠨᠢ ᠤᠯᠠᠭᠠᠨᠬᠠᠳᠠ ᠬᠤᠳᠠ ᠶᠢᠨ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠠᠬᠢᠭᠤᠯᠵᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠡᠷᠲᠡᠬᠡᠨ ᠪᠡᠶᠡᠯᠡᠭᠦᠯᠬᠦ ᠳᠤ ᠬᠦᠴᠦ ᠨᠡᠮᠡᠷᠢᠯᠡᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号