ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠪᠤᠭᠤᠲᠤ ᠬᠤᠲᠠ ᠶᠢᠨ ᠤᠰᠤ ᠵᠠᠯᠠᠬᠤ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠠᠵᠠᠷ ᠲᠠᠷᠢᠶᠠᠨ ᠤ ᠦᠨᠡᠮᠯᠡᠯ ᠢᠶᠠᠨ ᠭᠡᠭᠡᠭᠰᠡᠨ ᠠᠯᠪᠠᠨ ᠵᠠᠷ
ᠨᠡᠶᠢᠲᠡᠯᠡᠭᠰᠡᠨ ᠴᠠᠭ᠄
2023/11/15
      ᠪᠤᠭᠤᠲᠤ ᠬᠤᠲᠠ ᠶᠢᠨ ᠲᠠᠬᠢᠯᠲᠠ ᠤᠰᠤᠨ ᠤ ᠡᠬᠢ ᠪᠠᠶᠠᠯᠢᠭ ᠵᠢᠴᠢ ᠪᠣᠬᠢᠷ ᠤᠰᠤ ᠰᠢᠢᠳᠪᠦᠷᠢᠯᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠤᠤᠯ ᠤᠨ ᠨᠡᠷ᠎ᠡ᠄ ᠪᠤᠭᠤᠲᠤ ᠬᠤᠲᠠ ᠶᠢᠨ ᠤᠰᠤ ᠭᠠᠳᠠᠭᠰᠢᠯᠠᠭᠤᠯᠬᠤ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ ᠨᠡᠷ᠎ᠡ ᠳᠣᠣᠷᠠᠬᠢ ︽ᠤᠯᠤᠰ ᠤᠨ ᠥᠮᠴᠢᠯᠡᠯᠲᠦ ᠭᠠᠵᠠᠷ ᠰᠢᠷᠤᠢ ᠶᠢᠨ ᠬᠡᠷᠡᠭᠯᠡᠯᠲᠡ ᠶᠢᠨ ᠦᠨᠡᠮᠯᠡᠯ︾ ᠪᠤᠤ ᠳᠡᠭᠡᠳᠦ ᠰᠢᠨ᠎ᠡ ᠤᠯᠤᠰ ᠤᠨ ᠬᠡᠷᠡᠭᠯᠡᠬᠦ ︵2006︶ 070 ᠳ᠋ᠤᠭᠠᠷ ᠲᠣᠭᠠᠲᠤ᠂ ᠬᠠᠳᠠᠭᠠᠯᠠᠨ ᠬᠠᠮᠢᠶᠠᠷᠴᠤ ᠰᠠᠨᠠᠮᠰᠠᠷ ᠦᠭᠡᠢ ᠳᠡᠭᠡᠷ᠎ᠡ ᠳᠤᠷᠠᠳᠤᠭᠰᠠᠨ ︽ᠤᠯᠤᠰ ᠤᠨ ᠥᠮᠴᠢᠯᠡᠯᠲᠦ ᠭᠠᠵᠠᠷ ᠰᠢᠷᠤᠢ  ᠶᠢᠨ ᠬᠡᠷᠡᠭᠯᠡᠯᠲᠡ ᠶᠢᠨ ᠦᠨᠡᠮᠯᠡᠯ︾ ᠢᠶᠠᠨ ᠭᠡᠭᠡᠭᠰᠡᠨ ᠪᠥᠭᠡᠳ ︽ᠪᠤᠭᠤᠲᠤ ᠶᠢᠨ ᠡᠳᠦᠷ ᠤᠨ ᠰᠣᠨᠢᠨ︾ ᠤ 23427 ᠳ᠋ᠤᠭᠠᠷ ᠬᠤᠭᠤᠴᠠᠭᠠᠨ ᠤ ᠢᠯᠡᠷᠬᠡᠢᠯᠡᠯᠲᠡ ᠨᠢ ᠨᠢᠭᠡᠨᠲᠡ ᠬᠦᠴᠦᠨ ᠦᠭᠡᠢ ᠪᠣᠯᠵᠠᠢ᠃      ᠲᠣᠰ ᠭᠠᠵᠠᠷ ᠨᠢ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠲᠤᠨ ᠭᠤᠤᠯ ᠶᠡᠭᠡ ᠵᠡᠭᠡᠯᠢ ᠠᠴᠠ ᠡᠮᠦᠨ᠎ᠡ᠂ ᠡᠮᠦᠨ᠎ᠡ ᠲᠡᠭᠦᠷᠭᠡ ᠶᠢᠨ ᠴᠢᠬᠢ ᠮᠣᠳᠣᠨ ᠤ ᠬᠦᠷᠢᠶᠡᠯᠡᠩ ᠠᠴᠠ ᠪᠠᠷᠠᠭᠤᠨᠰᠢ᠂ ᠬᠡᠷᠡᠭᠯᠡᠬᠦ ᠡᠷᠬᠡ ᠶᠢᠨ ᠲᠠᠯᠠᠪᠠᠶ ᠨᠢ 258198.09 ᠲᠡᠭᠰᠢ ᠳᠥᠷᠪᠡᠯᠵᠢᠨ  ᠮᠧᠲᠷ ᠪᠠᠶᠢᠵᠤ᠂ ᠣᠯᠠᠨ ᠨᠡᠶᠢᠲᠡ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠪᠣᠯᠭᠠᠵᠤ᠂ ᠬᠡᠷᠡᠭᠯᠡᠬᠦ ᠬᠤᠭᠤᠴᠠᠭ᠎ᠠ ᠨᠢ ᠣᠷᠳᠣ ᠬᠤᠭᠤᠴᠠᠭ᠎ᠠ ︵ᠬᠤᠪᠢᠶᠠᠷᠢᠯᠠᠨ ᠥᠭᠬᠦ︶᠃      ᠮᠠᠨ ᠤ ᠲᠥᠪ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠵᠠᠷᠯᠠᠨ ᠨᠡᠶᠢᠲᠡᠯᠡᠵᠡᠢ᠃      ᠣᠨᠴᠠᠭᠠᠶᠢᠯᠠᠨ ᠵᠠᠷᠯᠠᠪᠠ                               ᠬᠠᠷᠢᠯᠴᠠᠬᠤ ᠤᠲᠠᠰᠤ᠄ 523502᠂ 5163108                            ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ                                         ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ                                         2023 ᠣᠨ ᠤ 11 ᠰᠠᠷ᠎ᠠ ᠶᠢᠨ 15 ᠤ ᠡᠳᠦᠷ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号