【 ᠲᠠᠪᠤᠨ ᠶᠡᠭᠡ ᠡᠭᠦᠷᠭᠡ】ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ ᠶᠠᠩ ᠶᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/11/15
     11 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤᠲᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠭᠤᠣᠯ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠶᠡᠭᠡ ᠪᠣᠭᠤᠮᠲᠠ︾ ᠶᠢᠨ ᠤᠬᠠᠮᠰᠠᠷ ᠢ ᠪᠤᠶ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠯᠢᠪᠠ ᠠᠰᠠᠭᠤᠳᠠᠯ ᠰᠢᠢᠳᠪᠦᠷᠢᠯᠡᠭᠦᠰᠢᠲᠡᠢ ᠭᠡᠬᠦ ᠰᠡᠳᠬᠢᠬᠦᠢ ᠪᠠᠨ ᠴᠢᠩᠭᠠᠳᠬᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠭᠤᠣᠯᠳᠠᠯᠭ᠎ᠠ ᠲᠠᠢ ᠠᠵᠢᠯ ᠤᠳ ᠢ ᠪᠣᠳᠠᠲᠠᠢ ᠠᠳᠬᠤᠵᠤ᠂ ᠳᠡᠯᠡᠬᠡᠢ ᠶᠢᠨ ᠶᠡᠭᠡ ᠵᠠᠮ ᠢ ᠴᠢᠷᠮᠠᠶᠢᠨ ᠨᠠᠪᠲᠠᠷᠡᠭᠦᠯᠵᠦ᠂ ᠨᠡᠭᠡᠭᠡᠯᠲᠡᠲᠤ ᠠᠵᠤ ᠠᠬᠤᠢ ᠶᠢ ᠬᠥᠭᠵᠢᠭᠦᠯᠦᠨ᠂ ᠪᠣᠭᠤᠮᠲᠠ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠵᠢᠰᠢᠶᠠᠨ ᠤ ᠭᠠᠯᠲᠤ ᠲᠡᠷᠭᠡᠨ ᠤ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠨᠡᠭᠡᠭᠡᠯᠲᠡᠲᠤ ᠲᠠᠪᠴᠠᠩ ᠢ ᠪᠠᠶᠢᠭᠤᠯᠵᠤ᠂ ᠬᠤᠳᠠᠯᠳᠤᠭᠠᠨ ᠤ ᠣᠷᠴᠢᠨ ᠨᠥᠬᠦᠴᠡᠯ ᠢ ᠰᠠᠶᠢᠵᠢᠷᠠᠭᠤᠯᠤᠨ᠂ ︽ᠣᠶᠤᠨᠲᠤ ᠪᠣᠭᠤᠮᠲᠠ︾ ᠶᠢ ᠪᠠᠶᠢᠭᠤᠯᠵᠤ᠂ ᠪᠣᠭᠤᠮᠲᠠ ᠶᠢᠨ ᠠᠮᠤᠷ ᠲᠦᠪᠰᠢᠨ ᠢ ᠪᠠᠲᠤᠯᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号