ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠭᠤᠣᠯᠯᠠᠵᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠳᠠᠭᠠᠭᠠᠨ ᠡᠷᠬᠢᠯᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︵ᠳᠣᠷᠣᠭᠰᠢ | ︽ᠠᠷᠪᠠᠨ ᠳᠥᠷᠪᠡᠳᠦᠭᠡᠷ ᠡᠪᠦᠯ︾ ᠭᠡᠵᠦ ᠲᠣᠪᠴᠢᠯᠠᠨ᠎ᠠ︶ ᠢ ᠤᠤᠯ ᠨᠢ 2020 ᠣᠨ ᠤ 2 ᠳ᠋ᠤᠭᠠᠷ | ᠰᠠᠷ᠎ᠠ ᠳᠤ ᠡᠷᠭᠢᠯᠡᠬᠦ ᠪᠠᠷ ᠲᠣᠭᠲᠠᠭᠰᠠᠨ ᠪᠣᠯᠪᠠᠴᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠲᠤ | ᠨᠥᠯᠦᠭᠡᠯᠡᠭᠳᠡᠭᠰᠡᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ 2024 ᠣᠨ ᠤ 2 | ᠳ᠋ᠤᠭᠠᠷ ᠰᠠᠷ᠎ᠠ ᠶᠢᠨ 17 ᠤ ᠡᠳᠦᠷ ᠠᠴᠠ 27 ᠤ ᠡᠳᠦᠷ ᠮᠥᠨ ᠮᠠᠨ ᠤ ᠣᠷᠣᠨ ᠳᠤ ᠶᠠᠪᠤᠭᠳᠠᠭᠤᠯᠬᠤ ᠪᠠᠷ ᠪᠣᠯᠵᠠᠢ᠃ | | ︽ᠠᠷᠪᠠᠨ ᠳᠥᠷᠪᠡᠳᠦᠭᠡᠷ ᠡᠪᠦᠯ︾ ᠤᠨ ᠤᠷᠤᠯᠳᠤᠭᠠᠨ ᠤ ᠲᠦᠷᠦᠯ ᠢ 2026 ᠣᠨ ᠤ ᠮᠢᠯᠠᠨ ᠤ ᠡᠪᠦᠯ ᠤᠨ | ᠣᠯᠧᠮᠫᠢᠺ ᠲᠠᠢ ᠪᠦᠬᠦ ᠲᠠᠯ᠎ᠠ ᠪᠠᠷ ᠬᠠᠷᠭᠤᠭᠤᠯᠤᠨ ᠪᠠᠶᠢᠵᠤ᠂ ᠮᠥᠰᠥᠨ ᠳᠤ ᠲᠡᠰᠢᠬᠦ᠂ ᠴᠠᠰᠤᠨ ᠳᠤ ᠭᠤᠯᠭᠤᠬᠤ᠂ | ᠡᠪᠦᠯ ᠤᠨ ᠬᠤᠶᠠᠷ ᠲᠦᠷᠢᠯᠲᠡ᠂ ᠮᠥᠰᠥᠨ ᠳᠡᠪᠦᠷ᠎ᠡ᠂ ᠮᠥᠰᠥᠨ ᠪᠥᠮᠪᠦᠭᠡ᠂ ᠰᠤᠭᠰᠤᠷᠤᠭᠠ᠂ ᠴᠢᠷᠭ᠎ᠠ᠂ ᠴᠠᠨᠠᠯᠠᠨ | ᠠᠭᠤᠯᠠ ᠠᠪᠠᠷᠢᠬᠤ ᠵᠡᠷᠭᠡ 8 ᠶᠡᠭᠡ ᠲᠦᠷᠦᠯ᠂ 16 ᠬᠤᠪᠢᠶᠠᠷᠢ ᠲᠦᠷᠦᠯ᠂ 176 ᠪᠠᠭ᠎ᠠ ᠲᠦᠷᠦᠯ ᠢ | ᠳᠣᠬᠢᠷᠠᠭᠤᠯᠤᠭᠰᠠᠨ ᠮᠥᠷᠲᠡᠭᠡᠨ ︽ᠠᠷᠪᠠᠨ ᠳᠥᠷᠪᠡᠳᠦᠭᠡᠷ ᠡᠪᠦᠯ︾ ᠤᠨ ᠮᠥᠰᠥᠨ ᠳᠡᠭᠡᠷᠡᠬᠢ ᠤᠷᠤᠯᠳᠤᠭᠠᠨ ᠤ | ᠲᠦᠷᠦᠯ ᠢ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ︵ | ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ︶ ᠲᠤ ᠲᠣᠬᠢᠷᠠᠭᠤᠯᠪᠠ︔ ᠴᠠᠰᠤᠨ ᠳᠡᠭᠡᠷᠡᠬᠢ ᠲᠥᠷᠥᠯ ᠢ ᠬᠥᠯᠥᠨ | ᠪᠤᠶᠢᠷ ᠤᠨ ᠵᠠᠯᠠᠨ ᠠᠶᠢᠯ ᠤᠨ ᠶᠢᠨ ᠯᠦᠩ ᠱᠠᠨ ᠠᠭᠤᠯᠠᠨ ᠤ ᠴᠠᠨᠠᠯᠠᠬᠤ ᠲᠠᠯᠠᠪᠠᠶ᠂ ᠤᠯᠠᠭᠠᠨᠬᠠᠳᠠ ᠶᠢᠨ ᠬᠠᠷᠠᠴᠢᠨ ᠤ | ᠮᠡᠶᠢᠷᠡᠨ ᠭᠤᠤ ᠶᠢᠨ ᠴᠠᠨᠠᠯᠠᠬᠤ ᠲᠠᠯᠠᠪᠠᠶ᠂ ᠤᠯᠠᠭᠠᠨᠴᠠᠪ ᠤᠨ ᠯᠢᠶᠡᠩᠴᠧᠩ ᠬᠤᠲᠠ ᠶᠢᠨ ᠴᠠᠨᠠᠯᠠᠬᠤ ᠲᠠᠯᠠᠪᠠᠶ ᠳᠤ | ᠳᠣᠬᠢᠷᠠᠭᠤᠯᠵᠠᠢ᠃ ᠵᠢᠱᠢᠯᠲᠡ ᠪᠠᠷ 3700 ᠭᠠᠷᠤᠢ ᠲᠠᠮᠢᠷᠴᠢᠳ ᠤᠷᠤᠯᠳᠤᠭᠠᠨ ᠳᠤ ᠣᠷᠣᠯᠴᠠᠬᠤ ᠪᠥᠭᠡᠳ ︽ | ᠠᠷᠪᠠᠨ ᠳᠥᠷᠪᠡᠳᠦᠭᠡᠷ ᠡᠪᠦᠯ︾ ᠨᠢ ᠥᠩᠭᠡᠷᠡᠭᠰᠡᠨ ᠬᠡᠳᠦᠨ ᠬᠤᠭᠤᠴᠠᠭ᠎ᠠ ᠲᠠᠢ ᠬᠠᠷᠢᠴᠠᠭᠤᠯᠪᠠᠯ ᠬᠡᠪᠴᠢᠶ᠎ᠡ ᠪᠠᠷ | ᠬᠠᠮᠤᠭ ᠶᠡᠭᠡ᠂ ᠤᠷᠤᠯᠳᠤᠭᠠᠨ ᠤ ᠲᠥᠷᠥᠯ ᠬᠠᠮᠤᠭ ᠣᠯᠠᠨ᠂ ᠪᠠᠷᠢᠮᠵᠢᠶ᠎ᠠ ᠬᠠᠮᠤᠭ ᠥᠨᠳᠥᠷ ᠨᠢᠭᠡ ᠬᠤᠭᠤᠴᠠᠭ᠎ᠠ | ᠪᠣᠯᠬᠤ ᠪᠣᠯᠣᠨ᠎ᠠ᠃ | ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠶᠠᠷ ᠠᠷᠠᠳ ᠲᠤ ᠠᠰᠢᠭ ᠬᠦᠷᠲᠡᠭᠡᠬᠦ︾ ᠪᠥᠬᠦ | ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠨᠢ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠮᠡᠳᠡᠯᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠲᠦᠰᠦᠯ ᠤᠨ ᠰᠤᠷᠲᠠᠯᠴᠢᠯᠠᠭ᠎ᠠ ᠶᠢ ᠪᠥᠬᠦ | ᠬᠡᠪᠴᠢᠶᠡᠨ ᠳᠤ ᠳᠥᠷᠪᠡᠨ ᠤᠯᠠᠷᠢᠯ ᠤᠨ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠳᠤ | ᠠᠭᠤᠰᠤᠯᠴᠠᠭᠤᠯᠵᠤ᠂ ︽ᠬᠥᠮᠥᠨ ᠪᠦᠷᠢ ᠤᠬᠠᠭᠤᠯᠤᠭᠴᠢ᠂ ᠬᠥᠮᠥᠨ ᠪᠦᠷᠢ ᠤᠷᠢᠭᠴᠢ ᠪᠣᠯᠬᠤ︾ ᠶᠢ ᠤᠷᠢᠶᠠᠯᠠᠨ᠂ | ︽ᠠᠷᠪᠠᠨ ᠳᠥᠷᠪᠡᠳᠦᠭᠡᠷ ᠡᠪᠦᠯ︾ ᠢ ᠬᠠᠯᠠᠮᠵᠢᠯᠠᠵᠤ ᠠᠩᠬᠠᠷᠬᠤ ᠪᠠᠷ ᠳᠠᠮᠵᠢᠭᠤᠯᠤᠨ ᠪᠥᠬᠦ ᠠᠷᠠᠳ ᠢᠶᠠᠷ ᠢᠶᠠᠨ ᠪᠡᠶ᠎ᠡ | ᠴᠢᠭᠢᠷᠠᠭᠵᠢᠭᠤᠯᠬᠤ ᠥᠷᠨᠢᠯᠲᠡ ᠶᠢ ᠪᠣᠶ ᠪᠣᠯᠭᠠᠨ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠᠷ | ᠳᠠᠮᠵᠢᠭᠤᠯᠤᠨ ᠡᠪᠦᠯ ᠤᠨ ᠤᠯᠠᠷᠢᠯ ᠤᠨ ᠤᠷᠤᠯᠳᠤᠭᠠᠨ ᠤ ᠲᠥᠷᠥᠯ ᠢ ᠴᠢᠨᠠᠭᠰᠢᠳᠠ ᠤᠯᠠᠮ ᠲᠦᠭᠡᠮᠡᠯᠵᠢᠭᠦᠯᠦᠨ | ᠳᠡᠯᠭᠡᠷᠡᠭᠦᠯᠵᠦ᠂ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮᠠᠰᠢᠯ ᠢ | ᠬᠥᠭᠵᠢᠭᠡᠨ᠎ᠡ᠃ |