2023 ᠣᠨ ᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠨᠡᠮᠯᠡᠯ ᠲᠠᠢ ᠨᠡᠶᠢᠭᠡᠮ ᠤᠨ ᠠᠵᠢᠯᠲᠠᠨ ᠤ ᠲᠤᠭ᠎ᠠ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/11/17
    2023 ᠣᠨ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠨᠡᠮᠯᠡᠯ ᠲᠠᠢ ᠨᠡᠶᠢᠭᠡᠮ ᠤᠨ ᠠᠵᠢᠯᠲᠠᠨ ᠤ ᠲᠤᠭ᠎ᠠ ᠢᠯᠡᠳᠲᠡ ᠨᠡᠮᠡᠭᠳᠡᠪᠡ᠃ ᠪᠦᠷᠢᠳᠬᠡᠯ ᠢ ᠦᠨᠳᠦᠰᠦᠯᠡᠪᠡᠯ᠂ ᠪᠥᠬᠦ ᠣᠷᠣᠨ ᠤ ᠬᠤᠲᠠ ᠬᠥᠳᠡᠭᠡ ᠶᠢᠨ ᠨᠡᠶᠢᠭᠡᠮ ᠣᠷᠣᠨ ᠤ ᠨᠡᠶᠢᠲᠡ 43 ᠠᠵᠢᠯᠲᠠᠨ ᠪᠥᠬᠦ ᠤᠯᠤᠰ ᠤᠨ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠳᠤ ᠬᠢᠷᠢ ᠲᠡᠩᠴᠡᠭᠰᠡᠨ ᠪᠥᠭᠡᠳ ᠨᠡᠶᠢᠭᠡᠮ ᠤᠨ ᠠᠵᠢᠯᠲᠠᠨ ᠤ ᠦᠨᠡᠮᠯᠡᠯ ᠣᠯᠣᠭᠰᠠᠨ ᠪᠠᠶᠢᠨ᠎ᠠ᠂ ᠡᠨᠡ ᠬᠦ ᠲᠤᠭ᠎ᠠ ᠨᠢ ᠨᠢᠳᠤᠨᠤᠨ ᠤ ᠬᠢ ᠠᠴᠠ 2 ᠳᠠᠬᠢᠨ ᠰᠢᠬᠠᠮ ᠨᠡᠮᠡᠭᠳᠡᠭᠰᠡᠨ ᠪᠠᠶᠢᠨ᠎ᠠ᠃ ᠡᠭᠦᠨ ᠳᠤ᠂ ᠠᠩᠬ᠎ᠠ ᠵᠡᠷᠭᠡ ᠶᠢᠨ ᠬᠤᠷᠰᠢᠶᠠᠨ ᠤ ᠠᠵᠢᠯᠲᠠᠨ ᠤ ᠦᠨᠡᠮᠯᠡᠯ ᠲᠠᠢ ᠬᠥᠮᠥᠨ 36 ᠂ ᠳᠤᠮᠳᠠ ᠵᠡᠷᠭᠡ ᠶᠢᠨ ᠬᠤᠷᠰᠢᠶᠠᠨ ᠤ ᠠᠵᠢᠯᠲᠠᠨ ᠤ ᠦᠨᠡᠮᠯᠡᠯ ᠲᠠᠢ ᠬᠥᠮᠥᠨ 7 ᠪᠣᠶ᠂ ᠡᠨᠡ ᠬᠦ ᠲᠤᠭ᠎ᠠ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃     2008 ᠣᠨ ᠳᠤ ᠪᠦᠬᠦ ᠤᠯᠤᠰ ᠤᠨ ᠨᠡᠶᠢᠭᠡᠮ ᠤᠨ ᠠᠵᠢᠯᠲᠠᠳ ᠤᠨ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠶᠢ ᠬᠡᠷᠡᠭᠵᠢᠭᠦᠯᠦᠭᠰᠡᠨ ᠠᠴᠠ ᠨᠠᠰᠢ ᠨᠢᠭᠡᠨᠲᠡ 16 ᠵᠢᠯ ᠥᠩᠭᠡᠷᠡᠪᠡ᠃ ᠡᠨᠡᠬᠦ ᠶᠠᠪᠤᠴᠠ ᠳᠤ ᠂ ᠨᠡᠶᠢᠭᠡᠮ ᠤᠨ ᠠᠵᠢᠯᠲᠠᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠵᠡᠷᠭᠡ ᠲᠠᠯ᠎ᠠ ᠪᠠᠷ ᠣᠷᠣᠯᠠᠭᠤᠯᠵᠤ ᠪᠣᠯᠣᠰᠢ ᠦᠭᠡᠢ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠠᠢ᠃ ᠲᠡᠳᠡᠨ ᠤ ᠣᠷᠣᠯᠴᠠᠭᠰᠠᠨ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠨᠡᠶᠢᠭᠡᠮ ᠤᠨ ᠵᠠᠰᠠᠯᠲᠠ ᠶᠢᠨ ᠶᠠᠪᠤᠴᠠ ᠳᠠᠬᠢ ᠬᠤᠭᠤᠰᠣᠨ ᠢ ᠨᠦᠭᠦᠪᠦᠷᠢᠯᠡᠪᠡ᠃     ᠬᠤᠲᠠ ᠬᠥᠳᠡᠭᠡ ᠶᠢᠨ ᠨᠡᠶᠢᠭᠡᠮ ᠣᠷᠣᠨ ᠤ ᠠᠵᠢᠯᠲᠠᠨ ᠤ ᠰᠢᠯᠭᠠᠯᠲᠠ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠲᠡᠳᠡᠨ ᠤ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2023 ᠣᠨ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢ ᠵᠣᠬᠢᠶᠠᠨ ᠪᠠᠶᠢᠭᠤᠯᠬᠤ ᠲᠠᠢ ᠢᠳᠡᠪᠬᠢᠲᠡᠢ ᠪᠠᠷ ᠵᠣᠬᠢᠴᠠᠭᠤᠯᠤᠨ ᠬᠠᠮᠵᠢᠯᠴᠠᠵᠤ᠂ ᠪᠠᠯᠭᠠᠰᠤ ︵ᠵᠡᠭᠡᠯᠢ ᠭᠤᠳᠤᠮᠵᠢ︶᠂ ᠬᠤᠲᠠ ᠬᠥᠳᠡᠭᠡ ᠶᠢᠨ ᠨᠡᠶᠢᠭᠡᠮ ᠣᠷᠣᠨ ᠤ ᠠᠵᠢᠯᠲᠠᠨ ᠳᠤ 146 ᠬᠥᠮᠥᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠬᠢᠴᠢᠶᠡᠯ ᠬᠠᠩᠭᠠᠵᠤ᠂ ᠨᠢᠳᠤᠨᠤᠨ ᠤ ᠬᠢ ᠠᠴᠠ 68 ᠬᠥᠮᠥᠨ ᠢ ᠢᠯᠡᠭᠦᠦ ᠪᠣᠯᠪᠠᠰᠤᠷᠠᠭᠤᠯᠵᠠᠢ ᠃ ᠡᠲᠡᠭᠡᠷ ᠪᠣᠯᠪᠠᠰᠤᠷᠠᠯ ᠤᠨ ᠬᠢᠴᠢᠶᠡᠯ ᠨᠢ ᠬᠤᠲᠠ ᠬᠥᠳᠡᠭᠡ ᠶᠢᠨ ᠨᠡᠶᠢᠭᠡᠮ ᠣᠷᠣᠨ ᠤ ᠠᠵᠢᠯᠲᠠᠨ ᠤ ᠰᠢᠯᠭᠠᠯᠲᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠬᠤ ᠶᠢᠨ ᠬᠠᠮᠲᠤ ᠲᠡᠳᠡᠨ ᠤ ᠲᠤᠰᠬᠠᠢ ᠮᠡᠷᠭᠡᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃    ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠠᠰᠤᠷᠠᠯᠲᠠ ᠦᠭᠡᠢ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠴᠦ ᠲᠠᠰᠤᠷᠠᠯᠲᠠ ᠦᠭᠡᠢ ᠥᠷᠭᠡᠵᠢᠵᠦ ᠪᠠᠶᠢᠨ᠎ᠠ᠃ ᠤᠯᠠᠮᠵᠢᠯᠠᠯᠲᠤ ᠨᠡᠶᠢᠭᠡᠮ ᠣᠷᠣᠨ ᠤ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ᠂ ᠬᠡᠦᠬᠡᠳ ᠤᠨ ᠠᠰᠠᠷᠠᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠵᠡᠮᠳᠡᠭᠴᠦᠳ ᠤᠨ ᠡᠷᠡᠭᠦᠯᠵᠢᠯ ᠵᠡᠷᠭᠡ ᠬᠦᠷᠢᠶᠡᠨ ᠠᠴᠠ ᠭᠠᠳᠠᠨ᠎ᠠ᠂ ᠣᠲᠣ ᠪᠠᠰᠠ ᠰᠡᠳᠬᠢᠴᠡ ᠶᠢᠨ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠬᠠᠪᠰᠤᠷᠤᠨ ᠵᠢᠯᠣᠭᠤᠳᠤᠯᠭ᠎ᠠ᠂ ᠣᠷᠤᠭ ᠭᠡᠷ ᠪᠦᠯᠢ᠂ ᠠᠵᠢᠯ ᠣᠯᠭᠤᠯᠲᠠ ᠶᠢᠨ ᠲᠤᠰᠠᠯᠠᠮᠵᠢ ᠵᠡᠷᠭᠡ ᠦᠢᠯᠡᠴᠢᠯᠡᠭᠡᠨ ᠤ ᠬᠦᠷᠢᠶᠡᠨ ᠳᠤ ᠬᠤᠯᠪᠣᠭᠳᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠦᠷᠭᠦᠯᠵᠢᠯᠡᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠨᠡᠮᠯᠡᠯ ᠲᠠᠢ ᠨᠡᠶᠢᠭᠡᠮ ᠤᠨ ᠠᠵᠢᠯᠲᠠᠨ ᠤ ᠲᠤᠭ᠎ᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠳᠠ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠳᠤᠮᠳᠠᠬᠢ ᠢᠳᠡᠪᠬᠢᠲᠡᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠠᠵᠢᠯ ᠤᠨ ᠪᠠᠶᠢᠷᠢ ᠶᠢᠨ ᠨᠡᠭᠡᠭᠡᠯᠲᠡ ᠪᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠨᠡᠮᠯᠡᠯ ᠲᠠᠢ ᠨᠡᠶᠢᠭᠡᠮ ᠤᠨ ᠠᠵᠢᠯᠲᠠᠨ ᠤ ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠲᠡᠭᠡᠷ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠡᠮᠵᠢᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠨᠢ ᠨᠡᠶᠢᠭᠡᠮ ᠤᠨ ᠠᠵᠢᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠤᠲᠠ ᠶᠢᠨ ᠠᠷᠠᠳ ᠲᠤ ᠨᠠᠩ ᠰᠢᠯᠢᠳᠡᠭ᠂ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号