ᠦᠨᠳᠦᠰᠦᠲᠡᠨ ᠤ ᠵᠡᠭᠦᠨ ᠵᠠᠮ ᠤᠨ ᠨᠡᠶᠢᠭᠡᠮ ᠲᠣᠭᠤᠷᠢᠭ᠄ ᠪᠣᠯᠪᠠᠰᠤᠨ ᠤ ᠣᠶᠠᠭᠠᠰᠣ ᠢ ᠰᠠᠶᠢᠲᠤᠷ ᠠᠳᠬᠤᠨ ︽ᠡᠩᠬᠦᠷᠡᠶᠢᠯᠡᠨ ᠬᠠᠶᠢᠷᠠᠯᠠᠬᠤ︾ ᠠᠷᠭ᠎ᠠ ᠠᠪᠴᠢᠯ ᠲᠠᠢ ᠪᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2023/11/17
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠪᠣᠯᠪᠠᠰᠤᠨ ᠢᠶᠠᠷ ᠨᠣᠬᠠᠢ ᠲᠡᠵᠢᠭᠡᠬᠦ᠂ ᠡᠷᠡᠭᠦᠯ ᠮᠡᠨᠳᠦ ᠪᠠᠷ ᠨᠣᠬᠠᠢ ᠲᠡᠵᠢᠭᠡᠬᠦ᠂ ᠬᠠᠤᠯᠢ ᠶᠣᠰᠣᠭᠠᠷ ᠨᠣᠬᠠᠢ ᠲᠡᠵᠢᠭᠡᠬᠦ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ ᠨᠣᠬᠠᠢ ᠲᠡᠵᠢᠭᠡᠬᠦ ᠰᠠᠭᠤᠭᠠᠯᠢ ᠠᠷᠠᠳ ᠤᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠨᠳᠦᠰᠦᠲᠡᠨ ᠤ ᠵᠡᠭᠦᠨ ᠵᠠᠮ ᠤᠨ ᠨᠡᠶᠢᠭᠡᠮ ᠲᠣᠭᠤᠷᠢᠭ ᠤᠨ ᠬᠠᠮᠲᠤᠷᠠᠭᠰᠠᠨ ᠲᠣᠮᠢᠯᠠᠭᠰᠠᠨ ᠰᠠᠯᠪᠤᠷᠢ ᠵᠢᠴᠢ ᠬᠠᠷᠢᠶᠠᠲᠤ ᠣᠷᠣᠨ ᠤ ᠨᠡᠷᠡᠨ ᠬᠡᠷᠡᠯᠳᠦ ᠡᠩᠬᠦᠷᠡᠢ ᠠᠮᠢᠲᠠᠨ ᠤ ᠡᠮᠨᠡᠯᠭᠡ ᠶᠢᠨ ᠬᠤᠷᠢᠶ᠎ᠠ ᠰᠠᠨᠵᠢᠶᠠᠩ ᠽᠦᠨ ᠶᠤᠸᠠᠨ ᠪᠠᠭ᠎ᠠ ᠲᠣᠭᠤᠷᠢᠭ ᠲᠤ ︽ᠪᠣᠯᠪᠠᠰᠤᠨ ᠢᠶᠠᠷ ᠨᠣᠬᠠᠢ ᠲᠡᠵᠢᠭᠡᠨ ᠥᠪᠡᠷ ᠠᠴᠠ ᠪᠠᠨ ᠡᠬᠢᠯᠡᠨ ᠬᠢᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠠᠴᠠ ᠰᠠᠭᠤᠭᠠᠯᠢ ᠠᠷᠠᠳ ᠲᠤ ︽ᠬᠠᠤᠯᠢ ᠶᠣᠰᠣᠭᠠᠷ ᠨᠣᠬᠠᠢ ᠲᠡᠵᠢᠭᠡᠬᠦ᠂ ᠰᠢᠨᠵᠢᠯᠡᠬᠦ ᠤᠬᠠᠭᠠᠨᠴᠢ ᠪᠠᠷ ᠨᠣᠬᠠᠢ ᠲᠡᠵᠢᠭᠡᠬᠦ᠂ ᠪᠣᠯᠪᠠᠰᠤᠨ ᠢᠶᠠᠷ ᠨᠣᠬᠠᠢ ᠲᠡᠵᠢᠭᠡᠬᠦ︾ ᠦᠨᠳᠦᠰᠦᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ︽ᠪᠣᠯᠪᠠᠰᠤᠨ ᠢᠶᠠᠷ ᠨᠣᠬᠠᠢ ᠲᠡᠵᠢᠭᠡᠬᠦ ᠰᠠᠨᠠᠭᠠᠴᠢᠯᠠᠭ᠎ᠠ ᠶᠢᠨ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃ ᠭᠡᠷ ᠲᠡᠭᠡᠨ ᠨᠣᠬᠠᠢ ᠲᠡᠵᠢᠭᠡᠵᠦ ᠪᠠᠶᠢᠭ᠎ᠠ ᠰᠠᠭᠤᠭᠠᠯᠢ ᠠᠷᠠᠳ ᠤᠬᠠᠮᠰᠠᠷ ᠠᠴᠠ ᠪᠠᠨ ᠨᠣᠬᠠᠢ ᠲᠡᠵᠢᠭᠡᠬᠦ ᠳᠠᠩᠰᠠᠯᠠᠯ ᠤᠨ ᠦᠨᠡᠮᠯᠡᠯ ᠤᠨ ᠫᠠᠶᠢᠰᠠ ᠶᠢ ᠭᠦᠢᠴᠡᠳᠬᠡᠵᠦ᠂ ᠨᠣᠬᠠᠢ ᠪᠠᠨ ᠠᠪᠴᠣ ᠭᠠᠳᠠᠭᠰᠢ ᠭᠠᠷᠬᠤ ᠳᠠᠭᠠᠨ ᠭᠢᠨᠵᠢ ᠪᠠᠷ ᠬᠥᠲᠥᠯᠵᠦ ᠂ ᠶᠠᠪᠠᠭᠠᠨ ᠬᠥᠮᠥᠨ ᠪᠠ ᠲᠡᠷᠭᠡ ᠬᠥᠰᠬᠡ ᠠᠴᠠ ᠰᠠᠨᠠᠭᠠᠴᠢᠯᠠᠭ᠎ᠠ ᠠᠴᠠ ᠪᠠᠨ ᠵᠠᠶᠢᠯᠠᠵᠤ᠂ ᠬᠡᠦᠬᠡᠳ ᠪᠠᠭᠠᠴᠤᠳ᠂ ᠨᠠᠰᠤᠲᠠᠶᠢᠴᠤᠳ᠂ ᠵᠢᠷᠮᠦᠰᠦᠨ ᠪᠦᠰᠡᠭᠦᠢ ᠵᠡᠷᠭᠡ ᠣᠨᠴᠠᠭᠠᠢ ᠬᠦᠮᠦᠰ ᠲᠤ ᠣᠶᠢᠷᠠᠳᠬᠤ ᠠᠴᠠ ᠵᠠᠶᠢᠯᠠᠰᠬᠢᠬᠦ ᠶᠢᠨ ᠬᠠᠮᠲᠤ ᠤᠭᠤᠲᠠ᠂ ᠴᠠᠭᠠᠰᠤ ᠪᠠᠨ ᠪᠡᠶ᠎ᠡ ᠳᠡᠭᠡᠨ ᠠᠪᠴᠤ ᠬᠠᠶᠢᠷᠠᠲᠤ ᠨᠣᠬᠠᠢ ᠶᠢᠨ ᠢᠶᠠᠨ ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠵᠦ᠂ ᠪᠣᠯᠪᠠᠰᠤᠨ ᠨᠣᠬᠠᠢ ᠲᠡᠵᠢᠭᠡᠭᠴᠢ ᠪᠣᠯᠵᠤ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠣᠷᠣᠨ ᠤ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠶᠢ ᠰᠠᠨᠠᠭᠠᠴᠢᠠᠯᠠᠪᠠ᠃    ᠨᠣᠬᠠᠢ ᠲᠡᠵᠢᠭᠡᠬᠦ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠲᠥᠯᠥᠭᠡ᠂ ᠦᠨᠳᠦᠰᠦᠲᠡᠨ ᠤ ᠵᠡᠭᠦᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠦᠷᠦᠭᠦᠯᠡᠨ᠂ ᠨᠣᠬᠠᠢ ᠲᠡᠵᠢᠭᠡᠬᠦ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠨᠠᠮ ᠤᠨ ᠡᠭᠦᠷ ᠤᠨ ᠨᠠᠮ ᠤᠨ ᠭᠡᠰᠢᠭᠦᠨ᠂ ᠨᠣᠬᠠᠢ ᠲᠡᠵᠢᠭᠡᠬᠦ ᠬᠠᠯᠠᠭᠤᠨ ᠰᠡᠳᠬᠢᠯ ᠲᠠᠢ ᠰᠠᠭᠤᠭᠠᠯᠢ ᠠᠷᠠᠳ᠂ ᠡᠩᠬᠦᠷᠡᠢ ᠲᠡᠵᠢᠭᠡᠪᠦᠷᠢ ᠶᠢᠨ ᠡᠮᠴᠢᠯᠡᠭᠡᠨ ᠤ ᠭᠠᠵᠠᠷ ᠤᠨ ᠡᠮᠴᠢ ᠶᠢ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ ᠣᠷᠣᠭᠤᠯᠵᠤ᠂ ᠨᠣᠬᠠᠢ ᠲᠡᠵᠢᠭᠡᠬᠦ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠪᠣᠯᠪᠠᠰᠤᠷᠠᠭᠤᠯᠤᠯ ᠢ ᠡᠷᠭᠢᠯᠡᠪᠡ᠃ ᠡᠭᠦᠨ ᠤ ᠬᠠᠮᠲᠤ᠂ ᠨᠡᠷᠡᠨ ᠬᠡᠷᠡᠯᠳᠦ ᠡᠩᠬᠦᠷᠡᠢ ᠠᠮᠢᠲᠠᠨ ᠤ ᠡᠮᠨᠡᠯᠭᠡ ᠶᠢᠨ ᠬᠤᠷᠢᠶᠠᠨ ᠤ ᠡᠮᠴᠢ ᠶᠢ ᠤᠷᠢᠵᠤ ᠪᠣᠯᠪᠠᠰᠤᠨ ᠢᠶᠠᠷ ᠨᠣᠬᠠᠢ ᠲᠡᠵᠢᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠳᠤ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠯᠭᠡᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠬᠠᠷᠢᠯᠴᠠᠨ ᠰᠣᠯᠢᠯᠴᠠᠬᠤ᠂ ᠪᠣᠯᠪᠠᠰᠤᠨ ᠢᠶᠠᠷ ᠢᠳᠬᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ ᠪᠣᠯᠪᠠᠰᠤᠨ ᠢᠶᠠᠷ ᠨᠣᠬᠠᠢ ᠲᠡᠵᠢᠭᠡᠬᠦ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃     ᠪᠣᠯᠪᠠᠰᠤᠨ ᠤ ᠣᠠᠶ᠋ᠭᠠᠰᠣ  ᠶᠢ ᠰᠠᠶᠢᠲᠤᠷ ᠠᠳᠬᠤᠵᠤ ︽ᠡᠩᠬᠦᠷᠡᠶᠢᠯᠡᠨ ᠬᠠᠶᠢᠷᠠᠯᠠᠬᠤ︾᠎ ᠳᠤ ᠠᠷᠭ᠎ᠠ ᠠᠪᠴᠢᠯ ᠲᠠᠢ ᠪᠠᠶᠢᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠦᠨᠳᠦᠰᠦᠲᠡᠨ ᠤ ᠵᠡᠭᠦᠨ ᠵᠠᠮ ᠤᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠪᠣᠯᠪᠠᠰᠤᠨ ᠢᠶᠠᠷ ᠥᠪᠡᠷᠲᠡᠭᠡᠨ ᠵᠠᠰᠠᠬᠤ ᠶᠢ ᠬᠥᠲᠥᠯᠥᠨ ᠵᠢᠯᠤᠭᠤᠳᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠪᠣᠯᠪᠠᠰᠤᠨ ᠢᠶᠠᠷ ᠨᠣᠬᠠᠢ ᠲᠡᠵᠢᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠪᠣᠯᠪᠠᠰᠤᠨ ᠦᠭᠡ ᠬᠡᠯᠡᠬᠦ᠂ ᠪᠣᠯᠪᠠᠰᠤᠨ ᠶᠠᠪᠤᠳᠠᠯ ᠬᠢᠬᠦ᠂ ᠪᠣᠯᠪᠠᠰᠤᠨ ᠬᠥᠮᠥᠨ ᠪᠣᠯᠬᠤ ᠶᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠮᠲᠤ ᠶᠢᠨ ᠲᠠᠨᠢᠯᠲᠠ ᠪᠠ ᠤᠬᠠᠮᠰᠠᠷ ᠪᠣᠯᠭᠠᠵᠤ᠂ ᠥᠪᠡᠷ ᠤᠨ ᠨᠡᠶᠢᠭᠡᠮ ᠣᠷᠣᠨ ᠤ ᠬᠢᠨ ᠥᠪᠡᠷ ᠢᠶᠠᠨ ᠬᠠᠮᠢᠶᠠᠷᠬᠤ᠂ ᠪᠣᠯᠪᠠᠰᠤᠨ ᠪᠤᠰᠤ ᠠᠵᠢᠯᠯᠠᠭ᠎ᠠ ᠶᠢ ᠤᠯᠠᠨ ᠢᠶᠠᠷ ᠢᠶᠠᠨ ᠵᠠᠰᠠᠬᠤ ᠪᠣᠯᠪᠠᠰᠤᠨ ᠢᠶᠠᠷ ᠥᠪᠡᠷᠲᠡᠭᠡᠨ ᠵᠠᠰᠠᠬᠤ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号