ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠨ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2023/11/17
     ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠶᠢ ᠭᠥᠷᠳᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠤᠨ ᠲᠣᠭᠲᠠᠭᠠᠯ ᠢ ᠦᠨᠳᠦᠰᠦᠯᠡᠨ᠂ ᠲᠣᠰ ᠵᠦᠭᠯᠡᠭᠦᠷ ᠢ ᠨᠠᠶᠢᠷᠠᠭᠤᠯᠤᠨ ᠵᠣᠬᠢᠶᠠᠪᠠ᠃ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠢᠯᠡᠴᠢᠯᠡᠭᠡ ᠶᠢ ᠭᠥᠷᠳᠡᠬᠦ ᠴᠢᠬᠤᠯᠠᠲᠠᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠲᠣᠰ ᠵᠦᠭᠯᠡᠭᠦᠷ ᠢ ᠤᠩᠰᠢᠬᠤ ᠶᠢ ᠰᠠᠨᠠᠭᠤᠯᠤᠨ᠎ᠠ᠃          ᠨᠢᠭᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠨ ᠪᠣᠯᠭᠠᠬᠤ   ︵ᠨᠢᠭᠡ︶ ᠢᠯᠡ ᠪᠣᠯᠭᠠᠬᠤ ᠬᠡᠪᠴᠢᠶ᠎ᠡ    ︽ᠳᠦᠷᠢᠮ︾᠎ ᠤᠨ ᠭᠤᠷᠪᠠᠳᠤᠭᠠᠷ ᠪᠦᠯᠦᠭ ᠤᠨ ᠲᠣᠭᠲᠠᠭᠠᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃    ︵ᠬᠤᠶᠠᠷ︶ ᠢᠯᠡ ᠪᠣᠯᠭᠠᠬᠤ ᠠᠷᠭ᠎ᠠ ᠵᠠᠮ    1. ᠵᠠᠰᠠᠭ ᠤᠨ ᠣᠷᠳᠣᠨ ᠤ ᠰᠦᠯᠵᠢᠶ᠎ᠡ᠄ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ︵ᠰᠦᠯᠵᠢᠶᠡᠨ ᠤ ᠬᠠᠶ᠋ᠢᠭ᠄ http://www.rev.gov.cn ᠃    2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠄ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ︾᠎ ᠤ  ᠸᠢᠴᠠᠲ ᠤᠨ ᠨᠡᠶᠢᠲᠡ ᠶᠢᠨ ᠳ᠋ᠤᠭᠠᠷ ︵ ᠸᠢᠴᠠᠲ ᠤᠨ  ᠳ᠋ᠤᠭᠠᠷ  ᠄ btxtgxq︶  ᠃    3. ᠰᠣᠨᠢᠨ ᠮᠡᠳᠡᠭᠡ ᠨᠡᠶᠢᠲᠡᠯᠡᠬᠦ ᠬᠤᠷᠠᠯ᠄ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ  ᠃    4. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ᠄ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ︵ᠬᠠᠶ᠋ᠢᠭ᠄ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ  ᠠᠷᠠᠳ ᠤᠨ ᠶᠡᠭᠡ ᠵᠡᠭᠡᠯᠢ ᠶᠢᠨ 89 ᠳ᠋ᠦᠭᠡᠷ ᠨᠣᠮᠧᠷ᠂ ᠬᠤᠪᠣᠷ ᠰᠢᠷᠣᠢ ᠶᠢᠨ ᠲᠣᠮᠣ ᠠᠰᠠᠷ ᠤᠨ ᠨᠢᠭᠡᠳᠦᠭᠡᠷ ᠳᠠᠪᠬᠤᠷᠯᠢᠭ ᠤᠨ ᠵᠡᠭᠦᠨ᠂ ᠪᠠᠷᠠᠭᠤᠨ ᠲᠠᠯ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ  ᠃ ᠪᠠᠶᠢᠴᠠᠭᠠᠨ ᠯᠠᠪᠯᠠᠬᠤ ᠦᠢᠯᠡᠴᠢᠯᠡᠭᠡᠨ ᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠡᠳᠦᠷ ᠤᠨ 9᠄ 00 ︱ 12᠄ 00᠂ 13᠄ 30 ︱ 17᠄ 00︶᠂ ᠬᠠᠷᠢᠯᠴᠠᠬᠤ ᠤᠲᠠᠰᠤ᠄ 0472 ︱ 5330122᠃     ︵ᠭᠤᠷᠪᠠ︶ ᠢᠯᠡ ᠪᠣᠯᠭᠠᠬᠤ ᠴᠠᠭ ᠤᠨ ᠬᠢᠵᠠᠭᠠᠷ     ︽ᠳᠦᠷᠢᠮ︾᠎ ᠤᠨ ᠲᠣᠭᠲᠠᠭᠠᠯ ᠢ ᠦᠨᠳᠦᠰᠦᠯᠡᠪᠡᠯ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠭᠲᠠᠬᠤ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠲᠤᠰ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠪᠤᠶ ᠪᠣᠯᠭᠠᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯ ᠤᠨ ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠬᠤᠶᠠᠷ᠂ ᠭᠤᠶᠤᠴᠢᠯᠠᠯ ᠢᠶᠠᠷ ᠢᠯᠡ ᠪᠣᠯᠭᠠᠬᠤ     ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠭᠤᠶᠤᠴᠢᠯᠠᠭᠴᠢ︾ ᠭᠡᠵᠦ ᠲᠣᠪᠴᠢᠯᠠᠨ᠎ᠠ︶ ᠲᠤᠰ  ᠵᠦᠭᠯᠡᠭᠦᠷ ᠢ ᠦᠨᠳᠦᠰᠦᠯᠡᠨ᠂ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ  ᠪᠠᠷ ᠭᠤᠶᠤᠴᠢᠯᠠᠵᠤ ᠪᠣᠯᠣᠨ᠎ᠠ᠃    ︵ᠨᠢᠭᠡ︶  ᠭᠤᠶᠣᠴᠢᠯᠠᠯ ᠢ ᠬᠦᠯᠢᠶᠡᠨ ᠠᠪᠬᠤ ᠠᠷᠭ᠎ᠠ ᠵᠠᠮ     1.  ᠨᠢᠭᠤᠷᠳᠠᠨ ᠭᠤᠶᠤᠴᠢᠯᠠᠬᠤ     ᠬᠠᠶ᠋ᠢᠭ᠄ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠤ ᠬᠤᠪᠣᠷ ᠰᠢᠷᠣᠢ ᠶᠢᠨ ᠲᠣᠮᠣ ᠠᠰᠠᠷ ᠤᠨ 12 ᠳ᠋ᠤᠭᠠᠷ ᠠᠰᠠᠷ ᠤᠨ 1205 ᠥᠷᠥᠭᠡ     ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 13᠄ 30 ︱ 17᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶     ᠬᠠᠷᠢᠯᠴᠠᠬᠤ ᠤᠲᠠᠰᠤ᠄ 0472-5325996     2. ᠰᠢᠤᠳᠠᠨ ᠢᠶᠠᠷ ᠢᠯᠡᠭᠡᠬᠦ     ᠬᠤᠷᠢᠶᠠᠭᠴᠢ᠄ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ     ᠬᠠᠶ᠋ᠢᠭ᠄ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠤ ᠬᠤᠪᠣᠷ ᠰᠢᠷᠣᠢ ᠶᠢᠨ ᠲᠣᠮᠣ ᠠᠰᠠᠷ ᠤᠨ 12 ᠳ᠋ᠤᠭᠠᠷ ᠠᠰᠠᠷ ᠤᠨ 1205  ᠥᠷᠥᠭᠡ     ᠰᠢᠤᠳᠠᠨ ᠳ᠋ᠤᠭᠠᠷ᠄ 014030     ᠪᠤᠰᠤᠳ ᠵᠦᠢᠯ᠄ ᠵᠠᠬᠢᠳᠠᠯ ᠤᠨ ᠳᠤᠭᠲᠤᠢ ᠳᠡᠭᠡᠷ᠎ᠡ ︽ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ︾ ᠭᠡᠰᠡᠨ ᠦᠰᠦᠭ ᠢ ᠪᠢᠴᠢᠭᠡᠷᠡᠢ᠃     3. ᠰᠦᠯᠵᠢᠶ᠎ᠡ ᠪᠠᠷ ᠭᠤᠶᠤᠴᠢᠯᠠᠬᠤ     ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ︽ᠭᠤᠶᠤᠴᠢᠯᠠᠯ ᠢᠶᠠᠷ ᠢᠯᠡ ᠪᠣᠯᠭᠠᠬᠤ︾ ᠪᠤᠯᠤᠩ ︵http://www.rev.gov.cn/ysqgk2/23371.jhtml︶᠎ ᠳᠤ ᠭᠠᠷᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠰᠢᠰᠲ᠋ᠧᠮ︾᠎ ᠢᠶᠠᠷ ᠳᠠᠮᠵᠢᠭᠤᠯᠤᠨ ᠭᠤᠶᠤᠴᠢᠯᠠᠯ ᠢᠶᠠᠨ ᠳᠡᠪᠰᠢᠭᠦᠯᠦᠭᠡᠷᠡᠢ᠃    ︵ᠬᠤᠶᠠᠷ︶ ᠠᠩᠬᠠᠷᠬᠤ ᠵᠦᠢᠯ     1. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠪᠠᠷ ᠭᠤᠶᠤᠴᠢᠯᠠᠬᠤ ᠳᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠵᠤ᠂ ᠭᠤᠶᠤᠴᠢᠯᠠᠯ ᠤᠨ ᠬᠦᠰᠦᠨᠦᠭᠲᠦ ᠶᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http://www.rev.gov.cn/ysqgk2/index.jhtml︶᠎ ᠶᠢᠨ ︽ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ︾ ᠪᠤᠯᠤᠩ  ᠎ ᠠᠴᠠ ᠪᠠᠭᠤᠯᠭᠠᠵᠤ ᠪᠣᠯᠣᠨ᠎ᠠ᠃     2. ᠭᠤᠶᠤᠴᠢᠯᠠᠯ ᠤᠨ ᠬᠦᠰᠦᠨᠦᠭᠲᠦ ᠳᠤ ᠭᠤᠶᠤᠴᠢᠯᠠᠭᠴᠢ ᠶᠢᠨ ᠣᠪᠣᠭ ᠨᠡᠷ᠎ᠡ ᠪᠤᠶᠤ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠠᠷᠭ᠎ᠠ ᠮᠠᠶ᠋ᠢᠭ ᠵᠢᠴᠢ ᠠᠴᠢᠶᠠᠯᠠᠪᠤᠷᠢ ᠶᠢᠨ ᠬᠡᠯᠪᠡᠷᠢ ᠶᠢ ᠣᠨᠣᠪᠴᠢᠲᠠᠶ ᠲᠣᠳᠣᠷᠬᠠᠢ ᠪᠢᠴᠢᠬᠦ ᠬᠡᠷᠡᠭᠲᠡᠢ᠃ ᠵᠠᠰᠠᠭ ᠤᠨ ᠣᠷᠳᠣᠨ ᠤ ᠬᠡᠷᠡᠭᠰᠡᠬᠦ ᠮᠡᠳᠡᠭᠡ ᠵᠠᠩᠭᠢ ᠶᠢᠨ ᠠᠭᠤᠯᠭ᠎ᠠ ᠶᠢᠨ ᠲᠣᠭᠠᠴᠢᠯᠲᠠ ᠨᠢ ᠵᠠᠰᠠᠭ ᠤᠨ ᠣᠷᠳᠣᠨ ᠤ ᠬᠡᠷᠡᠭᠰᠡᠬᠦ ᠮᠡᠳᠡᠭᠡ ᠵᠠᠩᠭᠢ ᠶᠢᠨ ᠪᠢᠴᠢᠭ ᠮᠠᠲ᠋ᠧᠷᠢᠶᠠᠯ ᠤᠨ ᠭᠠᠷᠴᠠᠭ᠂ ᠪᠢᠴᠢᠭ ᠤᠨ ᠳ᠋ᠤᠭᠠᠷ᠂ ᠪᠢᠴᠢᠭ ᠮᠠᠲ᠋ᠧᠷᠢᠶᠠᠯ ᠶᠠᠪᠤᠭᠤᠯᠬᠤ ᠴᠠᠭ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠴᠠᠭᠠᠨ ᠯᠠᠪᠯᠠᠬᠤ ᠳᠤ ᠳᠥᠭᠦᠮ ᠪᠠᠶᠢᠬᠤ  ᠶᠢ ᠲᠣᠳᠣᠷᠬᠠᠢ᠂ ᠰᠠᠨᠠᠭᠤᠯᠭ᠎ᠠ ᠶᠢᠨ ᠨᠠᠷᠢᠨ ᠲᠣᠳᠣᠷᠬᠠᠢ ᠬᠠᠩᠭᠠᠬᠤ  ᠶᠢ ᠵᠢᠭᠠᠭᠰᠠᠨ ᠪᠠᠶᠢᠬᠤ ᠬᠡᠷᠡᠭᠲᠡᠢ᠃     3. ᠨᠢᠭᠤᠷᠳᠠᠨ ᠭᠤᠶᠤᠴᠢᠯᠠᠪᠠᠯ᠂ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ  ᠃ ᠰᠢᠤᠳᠠᠨ ᠢᠶᠠᠷ ᠳᠠᠮᠵᠢᠭᠤᠯᠤᠨ ᠭᠤᠶᠤᠴᠢᠯᠠᠯ ᠳᠡᠪᠰᠢᠭᠦᠯᠬᠦ ᠳᠤ ᠬᠦᠷᠪᠡᠯ᠂ ᠭᠤᠶᠤᠴᠢᠯᠠᠯ ᠤᠨ ᠬᠦᠰᠦᠨᠦᠭᠲᠦ ᠶᠢ ᠳᠠᠭᠠᠯᠳᠤᠭᠤᠯᠤᠨ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠤᠨ ᠬᠠᠭᠤᠯᠪᠣᠷᠢ ᠶᠢ ᠳᠠᠭᠠᠯᠳᠤᠭᠤᠯᠬᠤ ᠬᠡᠷᠡᠭᠲᠡᠢ  ᠃ ᠰᠦᠯᠵᠢᠶᠡᠨ ᠳᠡᠭᠡᠷ᠎ᠡ ᠭᠤᠶᠤᠴᠢᠯᠠᠭᠰᠠᠨ ᠪᠠᠶᠢᠪᠠᠯ᠂ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠪᠤᠶᠤ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠢ᠃    4. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠠᠭᠤᠯᠭ᠎ᠠ ᠨᠢ ᠲᠣᠳᠣᠷᠬᠠᠢ ᠦᠭᠡᠢ ᠪᠠᠶᠢᠪᠠᠯ᠂ ᠲᠣᠰ ᠪᠠᠶᠢᠭᠤᠯᠭ᠎ᠠ  ᠎ ᠠᠴᠠ ᠵᠢᠭᠠᠨ ᠵᠢᠯᠤᠭᠤᠳᠬᠤ ᠪᠠ ᠲᠠᠶᠢᠯᠪᠤᠷᠢᠯᠠᠨ ᠲᠣᠳᠣᠷᠬᠠᠶᠢᠯᠠᠬᠤ ᠶᠢᠨ ᠬᠠᠮᠲᠤ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠥᠬᠦᠪᠦᠷᠢᠯᠡᠨ ᠵᠠᠯᠠᠷᠠᠭᠤᠯᠬᠤ ᠶᠢ ᠨᠢᠭᠡ ᠯᠡ ᠤᠳᠠᠭ᠎ᠠ ᠳᠤ ᠮᠡᠳᠡᠭᠳᠡᠵᠦ᠂ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠵᠦᠢᠯᠡᠰ ᠪᠠ ᠵᠦᠢ ᠵᠣᠬᠢᠰᠲᠠᠢ ᠨᠥᠬᠦᠪᠦᠷᠢᠯᠡᠨ ᠵᠠᠯᠠᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠨ᠎ᠠ᠃ ᠨᠥᠬᠦᠪᠦᠷᠢᠯᠡᠨ ᠵᠠᠯᠠᠷᠠᠭᠤᠯᠬᠤ ᠭᠤᠶᠤᠴᠢᠯᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠨᠥᠬᠦᠪᠦᠷᠢᠯᠡᠨ ᠵᠠᠯᠠᠷᠠᠭᠤᠯᠤᠭᠰᠠᠨ ᠤ ᠳᠠᠷᠠᠭ᠎ᠠ ᠮᠥᠨ ᠯᠡ ᠣᠨᠴᠠ ᠲᠣᠭᠲᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠵᠢᠭᠠᠬᠤ ᠶᠢᠨ ᠠᠷᠭ᠎ᠠ ᠦᠭᠡᠢ ᠪᠠᠶᠢᠪᠠᠯ᠂ ᠲᠤᠰ ᠪᠠᠶᠢᠭᠤᠯᠭ᠎ᠠ ᠪᠠᠶᠢᠳᠠᠯ ᠢ ᠦᠵᠡᠵᠦ ᠭᠤᠶᠤᠴᠢᠯᠠᠭᠴᠢ ᠲᠠᠢ ᠨᠡᠪᠲᠡᠷᠡᠯᠴᠡᠵᠦ᠂ ᠮᠥᠨ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠲᠤᠰ ᠪᠠᠶᠢᠭᠤᠯᠭ᠎ᠠ ᠠᠴᠠ ᠭᠤᠶᠤᠴᠢᠯᠠᠭᠴᠢ ᠶᠢᠨ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠢ ᠦᠭᠡᠢ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠭᠡᠵᠦ ᠪᠢᠴᠢᠭ ᠢᠶᠠᠷ ᠮᠡᠳᠡᠭᠳᠡᠨ᠎ᠡ᠃ ᠭᠤᠶᠤᠴᠢᠯᠠᠭᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ ᠵᠠᠯᠠᠷᠠᠭᠤᠯᠬᠤ ᠦᠭᠡᠢ ᠪᠣᠯ ᠭᠤᠶᠤᠴᠢᠯᠠᠬᠤ ᠪᠠᠨ ᠪᠣᠯᠢᠭᠰᠠᠨ ᠢᠶᠠᠷ ᠦᠵᠡᠵᠦ᠂ ᠲᠤᠰ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠦᠭᠡᠢ᠃    5. ᠭᠤᠶᠤᠴᠢᠯᠠᠯ ᠢᠶᠠᠷ ᠢᠯᠡ ᠪᠣᠯᠭᠠᠬᠤ ᠠᠷᠭ᠎ᠠ ᠵᠠᠮ ᠨᠢ ᠵᠥᠪᠬᠡᠨ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠳᠤ ᠬᠢᠵᠠᠭᠠᠷᠯᠠᠭᠳᠠᠨ᠎ᠠ᠂ ᠵᠠᠬᠢᠳᠠᠯ ᠰᠣᠷᠪᠤᠯᠵᠢᠯᠠᠭ᠎ᠠ᠂ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠵᠡᠷᠭᠡ ᠭᠤᠮᠣᠳᠠᠯ ᠱᠠᠭᠠᠷᠳᠠᠯᠭ᠎ᠠ ᠶᠢ ᠬᠠᠤᠯᠢ ᠳᠤ ᠲᠣᠭᠲᠠᠭᠠᠭᠰᠠᠨ ᠪᠤᠰᠤᠳ ᠠᠷᠭ᠎ᠠ ᠵᠠᠮ ᠢᠶᠠᠷ ᠶᠠᠪᠤᠭᠳᠠᠭᠤᠯᠬᠤ ᠪᠠᠷ ᠭᠤᠶᠤᠴᠢᠯᠠᠨ᠎ᠠ᠃    ︵ᠭᠤᠷᠪᠠ︶ ᠭᠤᠶᠤᠴᠢᠯᠠᠯ ᠢ ᠣᠯᠣᠭᠰᠠᠨ ᠴᠠᠭ ᠢ ᠲᠣᠭᠲᠠᠭᠠᠬᠤ     ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ ᠢ ᠨᠢᠭᠤᠷᠲᠠᠨ ᠲᠤᠰᠢᠶᠠᠭᠰᠠᠨ ᠪᠠᠶᠢᠪᠠᠯ᠂ ᠳᠡᠪᠰᠢᠭᠦᠯᠦᠭᠰᠡᠨ ᠡᠳᠦᠷ ᠢ ᠭᠤᠶᠤᠴᠢᠯᠠᠯ ᠢ ᠣᠯᠣᠭᠰᠠᠨ ᠡᠳᠦᠷ ᠢᠶᠠᠷ ᠪᠤᠳᠤᠨ᠎ᠠ  ᠃ ᠭᠤᠶᠤᠴᠢᠯᠠᠭᠴᠢ ᠰᠢᠤᠳᠠᠨ ᠢᠶᠠᠷ ᠶᠠᠪᠤᠭᠤᠯᠬᠤ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ ᠳᠡᠪᠰᠢᠭᠦᠯᠦᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠡᠳᠦᠷ ᠢ ᠭᠤᠶᠤᠴᠢᠯᠠᠯ ᠢ ᠬᠤᠷᠢᠶᠠᠨ ᠣᠯᠣᠭᠰᠠᠨ ᠡᠳᠦᠷ ᠢᠶᠠᠷ ᠪᠤᠳᠤᠨ᠎ᠠ  ᠃ ᠡᠩ ᠤᠨ ᠵᠠᠬᠢᠳᠠᠯ ᠵᠡᠷᠭᠡ ᠭᠠᠷ ᠤᠨ ᠥᠰᠥᠭ ᠵᠢᠷᠤᠵᠤ ᠬᠤᠷᠢᠶᠠᠨ ᠠᠪᠬᠤ ᠴᠢᠬᠤᠯᠠ ᠦᠭᠡᠢ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠡᠪᠰᠢᠭᠦᠯᠦᠭᠰᠡᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠨᠢ ᠭᠤᠶᠤᠴᠢᠯᠠᠯ ᠢ ᠣᠯᠣᠭᠰᠠᠨ ᠲᠤᠬᠠᠢ ᠶᠢᠨ ᠡᠳᠦᠷ ᠲᠤᠨᠢ ᠭᠤᠶᠤᠴᠢᠯᠠᠭᠴᠢ ᠯᠤᠭ᠎ᠠ ᠨᠤᠲᠠᠯᠠᠨ ᠵᠥᠪᠰᠢᠶᠡᠷᠡᠬᠦ ᠬᠡᠷᠡᠭᠲᠡᠢ᠂ ᠨᠤᠲᠠᠯᠠᠨ ᠵᠥᠪᠰᠢᠶᠡᠷᠡᠭᠰᠡᠨ ᠡᠳᠦᠷ ᠢ ᠭᠤᠶᠤᠴᠢᠯᠠᠯ ᠢ ᠣᠯᠣᠭᠰᠠᠨ ᠡᠳᠦᠷ ᠢᠶᠠᠷ ᠪᠤᠳᠤᠨ᠎ᠠ  ᠃ ᠭᠤᠶᠤᠴᠢᠯᠠᠭᠴᠢ ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠡᠪᠰᠢᠭᠦᠯᠦᠭᠰᠡᠨ ᠪᠠᠶᠢᠪᠠᠯ᠂ ᠬᠤᠶᠠᠷ ᠲᠠᠯ᠎ᠠ ᠪᠠᠷ ᠢᠶᠠᠨ ᠨᠤᠲᠠᠯᠠᠭᠰᠠᠨ ᠡᠳᠦᠷ ᠢ ᠭᠤᠶᠤᠴᠢᠯᠠᠯ ᠢ ᠣᠯᠣᠭᠰᠠᠨ ᠡᠳᠦᠷ ᠢᠶᠠᠷ ᠪᠤᠳᠤᠨ᠎ᠠ᠃     ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭ᠎ᠠ ᠎ ᠶᠢ ᠭᠤᠶᠤᠴᠢᠯᠠᠯ ᠢ ᠣᠯᠣᠭᠰᠠᠨ ᠡᠳᠦᠷ ᠤᠨ ᠳᠠᠷᠠᠭ᠎ᠠ ᠡᠳᠦᠷ ᠠᠴᠠ ᠡᠬᠢᠯᠡᠵᠦ ᠪᠣᠳᠣᠨ᠎ᠠ᠃    ︵ᠳᠥᠷᠪᠡ︶ ᠬᠠᠷᠢᠭᠤᠯᠲᠠ ᠥᠭᠬᠦ ᠬᠤᠭᠤᠴᠠᠭ᠎ᠠ    ︽ᠳᠦᠷᠢᠮ︾᠎ ᠤᠨ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ᠂ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠠᠶᠢᠪᠠᠯ᠂ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠷᠪᠠᠳᠠᠭᠢ ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠳᠡᠭᠡᠷ᠎ᠡ ᠳᠤᠷᠠᠳᠤᠭᠰᠠᠨ ᠲᠣᠭᠲᠠᠭᠠᠯ ᠤᠨ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠃     ᠬᠡᠷᠪᠡ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠬᠤᠷᠢᠶᠠᠬᠤ ᠪᠠᠶᠢᠳᠠᠯ ᠳᠤ ᠬᠤᠯᠪᠣᠭᠳᠠᠪᠠᠯ᠂ ᠬᠠᠷᠢᠭᠤᠯᠲᠠ ᠥᠭᠬᠦ ᠬᠤᠭᠤᠴᠠᠭ᠎ᠠ ᠶᠢ ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 109 ᠳ᠋ᠤᠭᠡᠷ ᠲᠣᠭᠠᠲᠤ︶᠎ ᠤᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ︵ᠲᠠᠪᠤ︶ ᠰᠦᠢᠳᠬᠡᠯ ᠬᠤᠷᠢᠶᠠᠬᠤ ᠪᠠᠷᠢᠮᠵᠢᠶ᠎ᠠ     ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 109 ᠳ᠋ᠤᠭᠡᠷ ᠲᠣᠭᠠᠲᠤ︶᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠰᠦᠢᠳᠬᠡᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠶᠢᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠥᠷ ᠡᠳ᠋ ᠤᠨ ᠵᠠᠰᠠᠭ ᠭᠠᠶᠢᠯᠢ ﹇2021﹈ 785 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠣᠳᠠᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠨᠢ ᠳᠣᠣᠷᠠᠬᠢ ᠮᠡᠲᠦ᠄    ᠲᠦᠷᠦᠯ ᠵᠦᠢᠯ ᠢᠶᠠᠷ ᠪᠤᠳᠤᠵᠤ ᠬᠤᠷᠢᠶᠠᠬᠤ ᠳᠤ ᠳᠣᠣᠷᠠᠬᠢ ᠮᠡᠲᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄    1. ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠳᠡ 10 ᠬᠤᠪᠢ ᠠᠴᠠ ᠳᠣᠭᠤᠭᠰᠢ ︵10 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ᠂ ᠰᠦᠢᠳᠬᠡᠯ ᠬᠤᠷᠢᠶᠠᠬᠤ ᠦᠭᠡᠢ᠃    2. ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 11 ︱ 30 ᠬᠤᠪᠢ ︵30 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠬᠡᠰᠡᠭ᠄ 100 ᠲᠥᠭᠦᠷᠢᠭ \ ᠬᠤᠪᠢ᠃    3. ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 31 ᠬᠤᠪᠢ ᠠᠴᠠ ᠳᠡᠭᠡᠭᠰᠢ ᠭᠤᠶᠤᠴᠢᠯᠠᠭᠰᠠᠨ ᠬᠡᠰᠡᠭ᠄ 10 ᠬᠤᠪᠢ ᠶᠢ ᠨᠢᠭᠡ ᠲᠠᠩᠰᠠ ᠪᠣᠯᠭᠠᠵᠤ᠂ ᠨᠢᠭᠡ ᠲᠠᠩᠰᠠ ᠨᠡᠮᠡᠬᠦ ᠪᠦᠷᠢ ᠰᠦᠢᠳᠬᠡᠯ ᠬᠤᠷᠢᠶᠠᠬᠤ ᠪᠠᠷᠢᠮᠵᠢᠶ᠎ᠠ ᠶᠢ 100 ᠲᠥᠭᠦᠷᠢᠭ \ ᠲᠦᠷᠦᠯ ᠵᠦᠢᠯ ᠢᠶᠠᠷ ᠳᠡᠭᠡᠭᠰᠢᠯᠡᠭᠦᠯᠦᠨ᠎ᠡ᠃     ᠲᠤᠭ᠎ᠠ ᠬᠡᠮᠵᠢᠶ᠎ᠡ ᠪᠠᠷ ᠪᠤᠳᠤᠵᠤ ᠬᠤᠷᠢᠶᠠᠬᠤ ᠳᠤ ᠳᠣᠣᠷ᠎ᠠ ᠵᠢᠭᠰᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄    1. 30 ᠳ᠋ᠤᠭᠠᠷ ᠨᠢᠭᠤᠷ ᠠᠴᠠ ᠳᠣᠷᠣᠭᠰᠢ ︵30 ᠳ᠋ᠤᠭᠠᠷ ᠨᠢᠭᠤᠷ ᠢ ᠪᠠᠭᠲᠠᠭᠠᠨ᠎ᠠ︶ ᠪᠣᠯ ᠰᠦᠢᠳᠬᠡᠯ ᠬᠤᠷᠢᠶᠠᠬᠤ ᠦᠭᠡᠢ᠃    2. 31 --- 100 ᠨᠢᠭᠤᠷ ︵100 ᠨᠢᠭᠤᠷ ᠪᠠᠭᠲᠠᠨ᠎ᠠ︶᠎ ᠤᠨ ᠬᠡᠰᠡᠭ᠄  10 ᠲᠥᠭᠦᠷᠢᠭ \ ᠨᠢᠭᠤᠷ᠃     3. 101 ---- 200 ᠳ᠋ᠤᠭᠠᠷ ᠨᠢᠭᠤᠷ ︵200 ᠳ᠋ᠤᠭᠠᠷ ᠨᠢᠭᠤᠷ ᠢ ᠪᠠᠭᠲᠠᠭᠠᠨ᠎ᠠ︶᠎ ᠤᠨ ᠬᠡᠰᠡᠭ᠄  20 ᠲᠥᠭᠦᠷᠢᠭ \ ᠨᠢᠭᠤᠷ᠃     4.  201 ᠨᠢᠭᠤᠷ ᠠᠴᠠ ᠳᠡᠭᠡᠭᠰᠢᠬᠢ ᠬᠡᠰᠡᠭ᠄ 40 ᠲᠥᠭᠦᠷᠢᠭ \ ᠨᠢᠭᠤᠷ᠃    ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ     ᠪᠠᠶᠢᠭᠤᠯᠤᠮᠵᠢ ᠶᠢᠨ ᠨᠡᠷᠡᠶᠢᠳᠦᠯ᠄ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ     ᠠᠯᠪᠠᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠮᠣ ᠠᠰᠠᠷ ᠤᠨ 12 ᠳ᠋ᠤᠭᠠᠷ ᠠᠰᠠᠷ ᠤᠨ 1205 ᠥᠷᠥᠭᠡ     ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 13᠄ 30 ︱ 17᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶     ᠬᠠᠷᠢᠯᠴᠠᠬᠤ ᠤᠲᠠᠰᠤ᠄ 0472-5325996     ᠳᠥᠷᠪᠡ᠂ ᠬᠢᠨᠠᠯᠲᠠ ᠲᠠᠯᠪᠢᠬᠤ ᠪᠠ ᠲᠡᠳᠬᠦᠮᠵᠢ ᠦᠵᠡᠭᠦᠯᠬᠦ     ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠠᠵᠢᠯ ᠤᠨ ᠳᠤᠮᠳᠠ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠣᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠣᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号