ᠠᠶᠢᠯ ᠳᠤ ᠣᠴᠢᠭᠰᠠᠨ ᠬᠤᠪᠢᠶᠠᠷᠢᠯᠠᠨ ᠬᠠᠮᠢᠶᠠᠷᠣᠭᠴᠢ᠂  ᠠᠵᠢᠯ ᠢ ᠲᠡᠮᠵᠢᠭᠴᠢ ᠲᠣᠯᠠᠭᠠᠨ ᠲᠣᠬᠢᠷᠠᠭᠤᠯᠭ᠎ᠠ
ᠨᠡᠶᠢᠲᠡᠯᠡᠭᠰᠡᠨ ᠴᠠᠭ᠄
2023/11/2
    ︽ᠲᠠ ᠰᠠᠶᠢᠨ ᠦᠦ︖᠂ 2023 ᠣᠨ ᠤ ᠪᠥᠬᠦ ᠤᠯᠤᠰ ᠤᠨ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠪᠠᠶᠢᠨ᠎ᠠ᠂ ᠪᠢ ᠪᠣᠯ ᠨᠡᠶᠢᠭᠡᠮ ᠲᠣᠭᠤᠷᠢᠭ ᠤᠨ ᠪᠠᠶᠢᠴᠠᠭᠠᠭᠴᠢ ᠮᠥᠨ᠂ ᠲᠠᠨ ᠤ ᠢᠳᠡᠪᠬᠢᠲᠡᠢ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ ᠁︾ ᠣᠶᠢᠷ᠎ᠠ ᠳᠤ᠂ ᠹᠦ᠋ ᠯᠢᠨ ᠵᠠᠮ ᠤᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ︽ᠨᠡᠶᠢᠳᠡᠮ ᠤᠨ ᠲᠣᠬᠢᠷᠠᠭᠤᠯᠤᠯᠲᠠ ᠶᠢᠨ ᠠᠵᠢᠯᠲᠠᠨ︾ ᠪᠣᠯᠵᠤ᠂ ︽ᠭᠡᠷ ᠪᠠᠶᠢᠰᠢᠩ᠂ ᠬᠥᠮᠥᠨ ᠠᠷᠠᠳ᠂ ᠬᠥᠮᠥᠨ ᠲᠥᠷᠥᠯ ᠵᠦᠢᠯ ᠢ ᠣᠷᠬᠢᠭᠳᠠᠭᠤᠯᠬᠤ ᠦᠭᠡᠢ︾ ᠠᠵᠢᠯ ᠤᠨ ᠵᠠᠷᠴᠢᠮ ᠢ ᠪᠠᠷᠢᠮᠲᠠᠯᠠᠨ᠂ ᠰᠦᠯᠵᠢᠶᠡᠨ ᠤ ᠳᠠᠪᠠᠭᠤᠯᠢᠭ ᠢ ᠪᠠᠳᠠᠷᠠᠭᠤᠯᠵᠤ᠂ ᠲᠤᠭ᠎ᠠ ᠪᠠᠷᠢᠮᠲᠠ ᠶᠢᠨ ᠠᠯᠳᠠᠭ᠎ᠠ ᠦᠭᠡᠢ ᠪᠠᠶᠢᠳᠠᠯ ᠢᠶᠠᠷ ᠪᠠᠶᠢᠴᠠᠭᠠᠯᠲᠠ ᠶᠢᠨ ᠣᠨᠣᠪᠴᠢᠲᠤ ᠴᠢᠨᠠᠷ ᠢ ᠪᠠᠲᠤᠯᠠᠵᠤ ᠪᠠᠶᠢᠨ᠎ᠠ᠃     ᠲᠣᠰ ᠤᠳᠠᠭᠠᠨ ᠤ ᠥᠯᠢᠭᠡᠷ ᠠᠪᠴᠤ ᠪᠠᠶᠢᠴᠠᠭᠠᠯᠲᠠ ᠬᠢᠬᠦ ᠳᠤ ᠹᠦ᠋ ᠯᠢᠨ ᠵᠠᠮ ᠤᠨ ᠨᠡᠶᠢᠭᠡᠮ ᠲᠣᠭᠤᠷᠢᠭ ᠤᠨ ᠶᠡᠷᠦᠩᠬᠡᠢ ᠬᠡᠯᠲᠡᠰ ᠤᠨ ᠣᠷᠳᠣᠨ ᠤ 3 ᠰᠠᠭᠤᠷᠢ ᠠᠰᠠᠷ᠂ ᠶᠠᠩ ᠭᠤᠸᠠᠩ ᠲᠣᠭᠤᠷᠢᠭ ᠤᠨ 5 ᠰᠠᠭᠤᠷᠢ ᠠᠰᠠᠷ᠂ ᠠᠨ ᠲᠠᠢ ᠵᠢᠶᠠ ᠶᠤᠸᠠᠨ ᠴᠡᠴᠡᠷᠯᠢᠭ ᠤᠨ 2 ᠰᠠᠭᠤᠷᠢ ᠠᠰᠠᠷ ᠲᠤ ᠬᠤᠯᠪᠣᠭᠳᠠᠵᠠᠢ᠃ ᠰᠠᠭᠤᠭᠠᠯᠢ ᠠᠷᠠᠳ ᠤᠨ ᠣᠷᠣᠨ ᠎ ᠤ ᠪᠠᠶᠢᠳᠠᠯ ᠢ ᠰᠦᠯᠵᠢᠶᠡᠨ ᠤ ᠲᠠᠰᠤᠯᠤᠭᠴᠢ ᠠᠴᠠ ᠢᠯᠡᠭᠦᠦ ᠣᠶᠢᠯᠠᠭᠠᠬᠤ ᠬᠥᠮᠥᠨ ᠪᠠᠶᠢᠬᠤ ᠦᠭᠡᠢ᠂ ᠲᠡᠳᠡ ᠳᠣᠲᠣᠷ᠎ᠠ ᠪᠠᠨ ᠪᠦᠷ ᠨᠡᠷ᠎ᠡ ᠶᠢᠨ ᠪᠦᠷᠢᠳᠬᠡᠯ ᠬᠢᠵᠦ᠂ ᠲᠤᠰ ᠤᠳᠠᠭᠠᠨ ᠤ ᠬᠥᠮᠥᠨ ᠠᠮᠠ ᠶᠢᠨ ᠦᠯᠢᠭᠡᠷ ᠠᠪᠴᠤ ᠪᠠᠶᠢᠴᠠᠭᠠᠬᠤ ᠠᠵᠢᠯ ᠳᠤ ᠲᠤᠶᠢᠯ ᠤᠨ ᠶᠡᠭᠡ ᠲᠦᠭᠦᠮ ᠦᠵᠡᠭᠦᠯᠪᠡ᠃     ᠡᠨᠡ ᠤᠳᠠᠭ᠎ᠠ  ᠎ ᠶᠢᠨ ᠦᠯᠢᠭᠡᠷ ᠠᠪᠴᠤ ᠪᠠᠶᠢᠴᠠᠭᠠᠭᠰᠠᠨ 3 ᠬᠤᠪᠢᠶᠠᠷᠢᠯᠠᠨ ᠬᠠᠮᠢᠶᠠᠷᠣᠭᠴᠢ ᠡᠩ ᠤᠨ ᠦᠶ᠎ᠡ  ᠎ ᠶᠢᠨ ᠬᠢ ᠠᠴᠠ ᠨᠡᠩ ᠢᠯᠡᠭᠦᠦ ᠵᠦᠳᠡᠷᠡᠯᠲᠡᠢ ᠪᠠᠶᠢᠨ᠎ᠠ᠂ ᠭᠡᠪᠡᠴᠦ ᠲᠡᠳᠡ ᠮᠥᠨ ᠯᠡ ᠪᠠᠶᠠᠰᠤᠩᠭᠤᠢ ᠰᠡᠳᠬᠢᠯᠭᠡ ᠲᠠᠢ᠃ ᠰᠦᠯᠵᠢᠶᠡᠨ ᠤ ᠲᠠᠰᠤᠯᠪᠤᠷᠢ  ᠎ ᠶᠢᠨ ᠳᠣᠲᠣᠷᠠᠬᠢ ᠣᠯᠠᠩᠬᠢ ᠰᠠᠭᠤᠭᠠᠯᠢ ᠠᠷᠠᠳ ᠡᠳᠦᠷ ᠲᠡᠭᠡᠨ ᠠᠵᠢᠯᠯᠠᠵᠤ᠂ ᠣᠷᠣᠢ ᠳᠠᠭᠠᠨ ᠮᠠᠰᠢ ᠣᠷᠣᠢ ᠰᠠᠶ᠋ᠢ ᠭᠡᠷ ᠲᠡᠭᠡᠨ ᠬᠠᠷᠢᠵᠤ ᠢᠷᠡᠳᠡᠭ᠃ ᠡᠷᠦᠬᠡ ᠳᠤ ᠣᠷᠣᠬᠤ ᠨᠡᠶᠢᠳᠡᠮ ᠪᠠᠶᠢᠴᠠᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠰᠦᠯᠵᠢᠶᠡᠨ ᠤ ᠠᠵᠢᠯᠲᠠᠳ ᠡᠳᠦᠷ ᠲᠡᠭᠡᠨ ᠤᠲᠠᠰᠤ ᠠᠪᠬᠤ᠂ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠣᠷᠣᠢ ᠳᠠᠭᠠᠨ ᠠᠶᠢᠯᠴᠢᠯᠠᠨ ᠠᠶᠢᠯ ᠡᠷᠦᠬᠡ ᠳᠤ ᠣᠷᠣᠬᠤ ᠬᠡᠯᠪᠡᠷᠢ ᠪᠠᠷ ᠪᠥᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠬᠢᠳᠡᠭ᠃     ᠹᠦ᠋ ᠯᠢᠨ ᠵᠠᠮ ᠤᠨ ᠨᠡᠶᠢᠭᠡᠮ ᠲᠣᠭᠤᠷᠢᠭ ᠤᠨ ᠬᠥᠮᠥᠨ ᠠᠮᠠ ᠶᠢᠨ ᠬᠤᠪᠢᠷᠠᠯᠲᠠ ᠶᠢᠨ ᠦᠯᠢᠭᠡᠷ ᠠᠪᠴᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠠᠵᠢᠯ ᠶᠠᠭ ᠡᠮᠬᠢ ᠵᠠᠮᠪᠠᠷᠠᠭ᠎ᠠ ᠲᠠᠢ ᠶᠠᠪᠤᠭᠳᠠᠵᠤ ᠪᠠᠶᠢᠨ᠎ᠠ᠂ ᠨᠡᠶᠢᠭᠡᠮ ᠣᠷᠣᠨ ᠤ ᠬᠢᠨ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠷᠦᠬᠡ ᠠᠮᠠ ᠶᠢ ᠣᠷᠬᠢᠭᠳᠠᠭᠤᠯᠬᠤ ᠦᠭᠡᠢ᠂ ᠬᠥᠮᠥᠨ ᠢ ᠣᠷᠬᠢᠭᠳᠠᠭᠤᠯᠬᠤ ᠦᠭᠡᠢ ᠪᠠᠶᠢᠵᠤ᠂ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠭᠰᠠᠨ ᠮᠡᠳᠡᠭᠡ ᠵᠠᠩᠭᠢ ᠶᠢᠨ ᠨᠠᠷᠢᠨ ᠪᠣᠳᠠᠲᠠᠢ᠂ ᠣᠨᠣᠪᠴᠢᠲᠠᠶ᠂ ᠲᠡᠭᠦᠰ ᠠᠮᠵᠢᠯᠲᠠ ᠲᠠᠢ ᠲᠣᠰ ᠤᠳᠠᠭᠠᠨ ᠤ ᠥᠯᠢᠭᠡᠷ ᠠᠪᠴᠤ ᠪᠠᠶᠢᠴᠠᠭᠠᠭᠰᠠᠨ ᠡᠯ᠎ᠡ ᠱᠠᠲᠤᠨ ᠤ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ  ᠪᠠᠳᠣᠯᠠᠵᠣ ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号