︽ᠲᠠ ᠰᠠᠶᠢᠨ ᠦᠦ︖᠂ 2023 ᠣᠨ ᠤ ᠪᠥᠬᠦ ᠤᠯᠤᠰ ᠤᠨ ᠬᠥᠮᠥᠨ ᠠᠮᠠ ᠶᠢᠨ ᠬᠤᠪᠢᠷᠠᠯᠲᠠ ᠶᠢᠨ | ᠪᠠᠶᠢᠳᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠪᠠᠶᠢᠨ᠎ᠠ᠂ ᠪᠢ ᠪᠣᠯ ᠨᠡᠶᠢᠭᠡᠮ ᠲᠣᠭᠤᠷᠢᠭ ᠤᠨ ᠪᠠᠶᠢᠴᠠᠭᠠᠭᠴᠢ | ᠮᠥᠨ᠂ ᠲᠠᠨ ᠤ ᠢᠳᠡᠪᠬᠢᠲᠡᠢ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ ᠁︾ ᠣᠶᠢᠷ᠎ᠠ ᠳᠤ᠂ ᠹᠦ᠋ ᠯᠢᠨ | ᠵᠠᠮ ᠤᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ︽ᠨᠡᠶᠢᠳᠡᠮ ᠤᠨ ᠲᠣᠬᠢᠷᠠᠭᠤᠯᠤᠯᠲᠠ ᠶᠢᠨ ᠠᠵᠢᠯᠲᠠᠨ︾ | ᠪᠣᠯᠵᠤ᠂ ︽ᠭᠡᠷ ᠪᠠᠶᠢᠰᠢᠩ᠂ ᠬᠥᠮᠥᠨ ᠠᠷᠠᠳ᠂ ᠬᠥᠮᠥᠨ ᠲᠥᠷᠥᠯ ᠵᠦᠢᠯ ᠢ ᠣᠷᠬᠢᠭᠳᠠᠭᠤᠯᠬᠤ ᠦᠭᠡᠢ︾ | ᠠᠵᠢᠯ ᠤᠨ ᠵᠠᠷᠴᠢᠮ ᠢ ᠪᠠᠷᠢᠮᠲᠠᠯᠠᠨ᠂ ᠰᠦᠯᠵᠢᠶᠡᠨ ᠤ ᠳᠠᠪᠠᠭᠤᠯᠢᠭ ᠢ ᠪᠠᠳᠠᠷᠠᠭᠤᠯᠵᠤ᠂ ᠲᠤᠭ᠎ᠠ ᠪᠠᠷᠢᠮᠲᠠ ᠶᠢᠨ | ᠠᠯᠳᠠᠭ᠎ᠠ ᠦᠭᠡᠢ ᠪᠠᠶᠢᠳᠠᠯ ᠢᠶᠠᠷ ᠪᠠᠶᠢᠴᠠᠭᠠᠯᠲᠠ ᠶᠢᠨ ᠣᠨᠣᠪᠴᠢᠲᠤ ᠴᠢᠨᠠᠷ ᠢ ᠪᠠᠲᠤᠯᠠᠵᠤ ᠪᠠᠶᠢᠨ᠎ᠠ᠃ | ᠲᠣᠰ ᠤᠳᠠᠭᠠᠨ ᠤ ᠥᠯᠢᠭᠡᠷ ᠠᠪᠴᠤ ᠪᠠᠶᠢᠴᠠᠭᠠᠯᠲᠠ ᠬᠢᠬᠦ ᠳᠤ ᠹᠦ᠋ ᠯᠢᠨ ᠵᠠᠮ ᠤᠨ ᠨᠡᠶᠢᠭᠡᠮ ᠲᠣᠭᠤᠷᠢᠭ ᠤᠨ | ᠶᠡᠷᠦᠩᠬᠡᠢ ᠬᠡᠯᠲᠡᠰ ᠤᠨ ᠣᠷᠳᠣᠨ ᠤ 3 ᠰᠠᠭᠤᠷᠢ ᠠᠰᠠᠷ᠂ ᠶᠠᠩ ᠭᠤᠸᠠᠩ ᠲᠣᠭᠤᠷᠢᠭ ᠤᠨ 5 ᠰᠠᠭᠤᠷᠢ ᠠᠰᠠᠷ᠂ | ᠠᠨ ᠲᠠᠢ ᠵᠢᠶᠠ ᠶᠤᠸᠠᠨ ᠴᠡᠴᠡᠷᠯᠢᠭ ᠤᠨ 2 ᠰᠠᠭᠤᠷᠢ ᠠᠰᠠᠷ ᠲᠤ ᠬᠤᠯᠪᠣᠭᠳᠠᠵᠠᠢ᠃ ᠰᠠᠭᠤᠭᠠᠯᠢ ᠠᠷᠠᠳ ᠤᠨ ᠣᠷᠣᠨ | ᠤ ᠪᠠᠶᠢᠳᠠᠯ ᠢ ᠰᠦᠯᠵᠢᠶᠡᠨ ᠤ ᠲᠠᠰᠤᠯᠤᠭᠴᠢ ᠠᠴᠠ ᠢᠯᠡᠭᠦᠦ ᠣᠶᠢᠯᠠᠭᠠᠬᠤ ᠬᠥᠮᠥᠨ ᠪᠠᠶᠢᠬᠤ ᠦᠭᠡᠢ᠂ ᠲᠡᠳᠡ | ᠳᠣᠲᠣᠷ᠎ᠠ ᠪᠠᠨ ᠪᠦᠷ ᠨᠡᠷ᠎ᠡ ᠶᠢᠨ ᠪᠦᠷᠢᠳᠬᠡᠯ ᠬᠢᠵᠦ᠂ ᠲᠤᠰ ᠤᠳᠠᠭᠠᠨ ᠤ ᠬᠥᠮᠥᠨ ᠠᠮᠠ ᠶᠢᠨ ᠦᠯᠢᠭᠡᠷ ᠠᠪᠴᠤ | ᠪᠠᠶᠢᠴᠠᠭᠠᠬᠤ ᠠᠵᠢᠯ ᠳᠤ ᠲᠤᠶᠢᠯ ᠤᠨ ᠶᠡᠭᠡ ᠲᠦᠭᠦᠮ ᠦᠵᠡᠭᠦᠯᠪᠡ᠃ | ᠡᠨᠡ ᠤᠳᠠᠭ᠎ᠠ ᠶᠢᠨ ᠦᠯᠢᠭᠡᠷ ᠠᠪᠴᠤ ᠪᠠᠶᠢᠴᠠᠭᠠᠭᠰᠠᠨ 3 ᠬᠤᠪᠢᠶᠠᠷᠢᠯᠠᠨ ᠬᠠᠮᠢᠶᠠᠷᠣᠭᠴᠢ ᠡᠩ ᠤᠨ ᠦᠶ᠎ᠡ | ᠶᠢᠨ ᠬᠢ ᠠᠴᠠ ᠨᠡᠩ ᠢᠯᠡᠭᠦᠦ ᠵᠦᠳᠡᠷᠡᠯᠲᠡᠢ ᠪᠠᠶᠢᠨ᠎ᠠ᠂ ᠭᠡᠪᠡᠴᠦ ᠲᠡᠳᠡ ᠮᠥᠨ ᠯᠡ ᠪᠠᠶᠠᠰᠤᠩᠭᠤᠢ ᠰᠡᠳᠬᠢᠯᠭᠡ ᠲᠠᠢ᠃ | ᠰᠦᠯᠵᠢᠶᠡᠨ ᠤ ᠲᠠᠰᠤᠯᠪᠤᠷᠢ ᠶᠢᠨ ᠳᠣᠲᠣᠷᠠᠬᠢ ᠣᠯᠠᠩᠬᠢ ᠰᠠᠭᠤᠭᠠᠯᠢ ᠠᠷᠠᠳ ᠡᠳᠦᠷ ᠲᠡᠭᠡᠨ ᠠᠵᠢᠯᠯᠠᠵᠤ᠂ | ᠣᠷᠣᠢ ᠳᠠᠭᠠᠨ ᠮᠠᠰᠢ ᠣᠷᠣᠢ ᠰᠠᠶ᠋ᠢ ᠭᠡᠷ ᠲᠡᠭᠡᠨ ᠬᠠᠷᠢᠵᠤ ᠢᠷᠡᠳᠡᠭ᠃ ᠡᠷᠦᠬᠡ ᠳᠤ ᠣᠷᠣᠬᠤ ᠨᠡᠶᠢᠳᠡᠮ | ᠪᠠᠶᠢᠴᠠᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠰᠦᠯᠵᠢᠶᠡᠨ ᠤ ᠠᠵᠢᠯᠲᠠᠳ ᠡᠳᠦᠷ ᠲᠡᠭᠡᠨ | ᠤᠲᠠᠰᠤ ᠠᠪᠬᠤ᠂ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠣᠷᠣᠢ ᠳᠠᠭᠠᠨ ᠠᠶᠢᠯᠴᠢᠯᠠᠨ ᠠᠶᠢᠯ ᠡᠷᠦᠬᠡ ᠳᠤ | ᠣᠷᠣᠬᠤ ᠬᠡᠯᠪᠡᠷᠢ ᠪᠠᠷ ᠪᠥᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠬᠢᠳᠡᠭ᠃ | ᠹᠦ᠋ ᠯᠢᠨ ᠵᠠᠮ ᠤᠨ ᠨᠡᠶᠢᠭᠡᠮ ᠲᠣᠭᠤᠷᠢᠭ ᠤᠨ ᠬᠥᠮᠥᠨ ᠠᠮᠠ ᠶᠢᠨ ᠬᠤᠪᠢᠷᠠᠯᠲᠠ ᠶᠢᠨ ᠦᠯᠢᠭᠡᠷ ᠠᠪᠴᠤ | ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠠᠵᠢᠯ ᠶᠠᠭ ᠡᠮᠬᠢ ᠵᠠᠮᠪᠠᠷᠠᠭ᠎ᠠ ᠲᠠᠢ ᠶᠠᠪᠤᠭᠳᠠᠵᠤ ᠪᠠᠶᠢᠨ᠎ᠠ᠂ ᠨᠡᠶᠢᠭᠡᠮ | ᠣᠷᠣᠨ ᠤ ᠬᠢᠨ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ | ᠴᠢᠩᠭ᠎ᠠ ᠠᠳᠬᠤᠵᠤ᠂ ᠡᠷᠦᠬᠡ ᠠᠮᠠ ᠶᠢ ᠣᠷᠬᠢᠭᠳᠠᠭᠤᠯᠬᠤ ᠦᠭᠡᠢ᠂ ᠬᠥᠮᠥᠨ ᠢ ᠣᠷᠬᠢᠭᠳᠠᠭᠤᠯᠬᠤ ᠦᠭᠡᠢ ᠪᠠᠶᠢᠵᠤ᠂ | ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠭᠰᠠᠨ ᠮᠡᠳᠡᠭᠡ ᠵᠠᠩᠭᠢ ᠶᠢᠨ ᠨᠠᠷᠢᠨ ᠪᠣᠳᠠᠲᠠᠢ᠂ ᠣᠨᠣᠪᠴᠢᠲᠠᠶ᠂ | ᠲᠡᠭᠦᠰ ᠠᠮᠵᠢᠯᠲᠠ ᠲᠠᠢ ᠲᠣᠰ ᠤᠳᠠᠭᠠᠨ ᠤ ᠥᠯᠢᠭᠡᠷ ᠠᠪᠴᠤ ᠪᠠᠶᠢᠴᠠᠭᠠᠭᠰᠠᠨ ᠡᠯ᠎ᠡ ᠱᠠᠲᠤᠨ ᠤ ᠠᠵᠢᠯ ᠤᠨ | ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠳᠣᠯᠠᠵᠣ ᠪᠠᠶᠢᠨ᠎ᠠ᠃ |